ᠨᠡᠶᠢᠲᠡᠯᠡᠭᠰᠡᠨ ᠴᠠᠭ᠄ 2025/2/8 | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 5 ᠤ ᠴᠠᠭᠢᠯᠭᠠᠨ ᠮᠡᠳᠡᠭᠡ 2 ᠰᠠᠷ᠎ᠠ ᠶᠢᠨ 5 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠢᠷᠭᠢᠽᠰᠲ᠋ᠠᠨ ᠤ | ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠬᠠᠳᠤᠨ ᠫᠧᠩ ᠯᠢ | ᠶᠤᠸᠠᠨ ᠲᠠᠢ ᠪᠠᠨ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ | ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ ᠶᠣᠰᠣᠯᠠᠯ | ᠶᠠᠪᠤᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ᠂ ᠳᠤᠮᠳᠠᠳᠤ ᠤᠯᠤᠰ ᠪᠣᠯᠣᠨ ᠺᠢᠷᠭᠢᠽᠰᠲ᠋ᠠᠨ ᠠᠭᠤᠯᠠ ᠤᠰᠤ ᠪᠠᠷ ᠢᠶᠠᠨ ᠵᠠᠯᠭᠠᠯᠳᠤᠵᠤ᠂ ᠠᠷᠠᠳ ᠤᠨ | ᠰᠡᠳᠬᠢᠯ ᠡᠯᠢᠭᠡᠰᠡᠭ ᠳᠣᠲᠣᠨᠣ ᠪᠠᠶᠢᠵᠤ ᠂ ᠰᠠᠶᠢᠨ ᠬᠥᠷᠰᠢ᠂ ᠰᠠᠶᠢᠨ ᠨᠠᠶᠢᠵᠠ᠂ ᠰᠠᠶᠢᠨ ᠬᠠᠨᠢᠲᠠᠨ ᠶᠤᠮ᠃ ᠣᠶᠢᠷ᠎ᠠ ᠶᠢᠨ | ᠵᠢᠯ ᠠᠴᠠ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠢᠨ᠎ᠡ | ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠰᠢᠨ᠎ᠡ ᠥᠨᠳᠥᠷᠴᠡ ᠳᠤ ᠬᠦᠷᠴᠡᠢ᠃ | ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠳᠠᠬᠢ | ᠬᠠᠮᠲᠤᠷᠠᠯᠴᠠᠭᠠᠨ ᠤ ᠪᠠᠶᠠᠷ ᠤᠨ ᠴᠢᠮᠡᠭᠡ ᠲᠠᠰᠤᠷᠠᠯᠳᠠ ᠦᠭᠡᠢ ᠤᠯᠠᠮᠵᠢᠯᠠᠭᠳᠠᠵᠤ᠂ ᠳᠤᠮᠳᠠᠳᠤ ᠺᠢᠷᠭᠢᠽᠰᠲ᠋ᠠᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠡᠶᠢᠭᠡᠮ ᠪᠠ ᠠᠷᠠᠳ ᠤᠨ ᠰᠠᠨᠠᠭᠠᠨ ᠤ ᠰᠠᠭᠤᠷᠢ ᠡᠳᠦᠷ ᠢᠷᠡᠬᠦᠶ᠎ᠡ | ᠪᠠᠬᠢᠵᠢᠪᠡ᠃ ᠺᠢᠷᠭᠢᠽᠰᠲ᠋ᠠᠨ ᠤ ᠬᠢᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ | ᠵᠠᠮᠨᠠᠬᠤ ᠶᠢ ᠳᠤᠮᠳᠠᠳᠤ ᠤᠯᠤᠰ ᠲᠡᠮᠵᠢᠵᠥ᠂ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠪᠠᠨ ᠥᠷᠭᠡᠳᠬᠡᠵᠦ᠂ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠭᠠᠷ | ᠬᠤᠯᠪᠣᠨ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠤᠮᠳᠠᠳᠤ ᠺᠢᠷᠭᠢᠽᠰᠲ᠋ᠠᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠨᠡᠩ ᠰᠠᠶᠢᠲᠤᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ᠂ ︽ᠨᠢᠭᠡ ᠪᠦᠰᠡ ᠨᠢᠭᠡ | ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠤᠯᠭᠠᠵᠤ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠵᠤ ᠠᠬᠤᠢ ᠠᠷᠠᠯᠵᠢᠶ᠎ᠠ | ᠪᠡᠯᠡ ᠣᠷᠣᠭᠤᠯᠤᠯᠲᠠ ᠶᠢᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠺᠢᠷᠭᠢᠽᠰᠲ᠋ᠠᠨ ᠤ ᠨᠠᠩ | ᠣᠯᠠᠨ ᠴᠢᠨᠠᠷ ᠰᠠᠶᠢᠲᠠᠢ ᠲᠠᠸᠠᠷ ᠢ ᠣᠷᠣᠭᠤᠯᠵᠤ᠂ ᠨᠠᠩ ᠣᠯᠠᠨ ᠳᠤᠮᠳᠠᠳᠤ ᠶᠢᠨ ᠪᠠᠯᠡᠲᠤ ᠠᠵᠤ ᠠᠬᠤᠶᠢᠯᠠᠯ ᠤᠨ | ᠺᠢᠷᠭᠢᠽᠰᠲ᠋ᠠᠨ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠡ᠂ ᠺᠢᠷᠭᠢᠽᠰᠲ᠋ᠠᠨ ᠤ | ᠬᠢᠨ ᠳᠤᠮᠳᠠᠳᠤ ᠤᠯᠤᠰ ᠤᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢ | ᠬᠦᠰᠡᠵᠦ ᠪᠠᠶᠢᠨ᠎ᠠ᠃ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ | ᠺᠢᠷᠭᠢᠽᠰᠲ᠋ᠠᠨ ᠦᠽᠪᠸᠺᠰᠲ᠋ᠠᠨ ᠤ ᠲᠡᠮᠦᠷ ᠵᠠᠮ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠠᠶᠢᠲᠤᠷ ᠪᠦᠲᠦᠭᠡᠨ | ᠪᠠᠶᠢᠭᠤᠯᠵᠤ᠂ ᠨᠢᠭᠡᠨᠲᠡ ᠪᠠᠶᠢᠭ᠎ᠠ ᠬᠢᠯᠢ ᠶᠢᠨ ᠪᠣᠭᠤᠮᠲᠠ ᠶᠢᠨ ᠣᠳᠣᠬᠢᠴᠢᠯᠠᠭᠰᠠᠨ ᠥᠭᠡᠷᠡᠴᠢᠯᠡᠯᠲᠡ ᠶᠢ ᠵᠡᠷᠭᠡ ᠪᠠᠷ | ᠠᠬᠢᠭᠤᠯᠵᠤ᠂ ᠨᠡᠩ ᠤᠯᠠᠨ ᠠᠶᠠᠨᠴᠢᠳ ᠤᠨ ᠵᠥᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ | ᠨᠠᠪᠲᠠᠷᠡᠭᠦᠯᠵᠦ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠪᠠᠷᠠᠭᠠᠨ ᠤ ᠭᠦᠢᠯᠭᠡᠭᠡ ᠳᠤ ᠨᠡᠩ ᠤᠯᠠᠨ ᠲᠦᠭᠦᠮ | ᠦᠵᠡᠭᠦᠯᠦᠶ᠎ᠡ ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ | ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠰᠢᠨ᠎ᠡ ᠨᠡᠮᠡᠭᠳᠡᠯ ᠤᠨ | ᠴᠡᠭ ᠢ ᠪᠤᠢ ᠪᠣᠯᠭᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠣᠶᠣᠯ ᠤᠨ ᠲᠥᠪ᠂ ᠯᠦ ᠪᠠᠨ | ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢ ᠰᠠᠶᠢᠲᠤᠷ ᠡᠵᠡᠩᠨᠡᠵᠦ᠂ ᠣᠷᠣᠨ | ᠨᠤᠲᠤᠭ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠢᠷᠭᠢᠽᠰᠲ᠋ᠠᠨ ᠤ ᠨᠥᠬᠦᠷᠯᠡᠯ ᠤᠨ ᠦᠢᠯᠡᠰ ᠲᠤ ᠣᠷᠤᠯᠴᠠᠬᠤ | ᠨᠡᠩ ᠤᠯᠠᠨ ᠬᠦᠴᠦᠨ ᠢ ᠪᠣᠶᠢᠵᠢᠭᠤᠯᠤᠶ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠲᠠᠯ᠎ᠠ ᠲᠠᠢ ᠨᠢᠭᠲᠠ | ᠬᠠᠮᠵᠢᠯᠴᠠᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ ᠲᠣᠭᠲᠠᠴᠠ ᠶᠢᠨ ᠬᠠᠮᠲᠤᠷᠠᠯᠴᠠᠭᠠᠨ ᠤ ᠲᠦᠪᠰᠢᠨ ᠢ | ᠳᠡᠭᠡᠭᠰᠢᠯᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠪᠣᠳᠠᠲᠠᠶᠢᠵᠢᠭᠤᠯᠤᠨ | ᠬᠦᠴᠦᠷᠬᠡᠭᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ | ᠰᠢᠰᠲ᠋ᠧᠮ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ | ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠭᠠᠷ | ᠬᠤᠯᠪᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃ | ᠵᠠᠫᠠᠯᠤᠹ᠂ ᠰᠢᠨ᠎ᠡ ᠵᠢᠯ ᠤᠨ ᠡᠬᠢᠨ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ | ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ ᠰᠠᠶᠢᠨ | ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ ᠶᠢᠰᠦᠳᠦᠭᠡᠷ ᠬᠤᠭᠤᠴᠠᠭᠠᠨ ᠤ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠬᠦᠰᠡᠨ ᠵᠥᠩᠨᠡᠵᠦ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠤᠣᠰ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠠᠶᠠᠨ ᠳᠤ ᠭᠢᠯᠠᠯᠵᠠᠭᠰᠠᠨ ᠠᠮᠵᠢᠯᠲᠠ ᠣᠯᠵᠤ᠂ ᠡᠯ᠎ᠡ ᠤᠯᠤᠰ ᠲᠠᠢ ᠬᠥᠭᠵᠢᠯᠲᠡ ᠶᠢᠨ ᠦᠷ᠎ᠡ | ᠪᠦᠲᠦᠭᠡᠯ ᠢᠶᠠᠨ ᠬᠤᠪᠢᠶᠠᠯᠴᠠᠵᠤ᠂ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢᠨ ᠬᠠᠮᠲᠤ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠪᠣᠯᠪᠠ᠃ ᠺᠢᠷᠭᠢᠽᠰᠲ᠋ᠠᠨ ᠤ ᠬᠢᠨ | ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ᠎ᠠ᠃ ᠺᠢᠷᠭᠢᠽᠰᠲ᠋ᠠᠨ ᠳᠤᠮᠳᠠᠳᠤ ᠶᠢᠨ | ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠬᠤᠶᠠᠷ ᠤᠯᠤᠰ ᠤᠨ ᠬᠠᠷᠢᠯᠴᠠᠭ᠎ᠠ ᠣᠶᠢᠷ᠎ᠠ ᠶᠢᠨ ᠵᠢᠯ ᠳᠤ | ᠰᠢᠨ᠎ᠡ ᠲᠦᠪᠰᠢᠨ ᠳᠤ ᠭᠦᠷᠪᠠ᠂ ᠳᠤᠮᠳᠠᠳᠤ ᠤᠯᠤᠰ ᠪᠣᠯ ᠺᠢᠷᠭᠢᠽᠰᠲ᠋ᠠᠨ ᠤ ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ᠂ | ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ ᠬᠠᠮᠲᠤᠷᠠᠯᠴᠠᠭ᠎ᠠ ᠥᠷᠨᠢᠭᠦᠯᠦᠭᠰᠡᠨ ᠪᠥᠭᠡᠳ ᠦᠯᠡᠮᠵᠢ | ᠦᠷ᠎ᠡ ᠪᠦᠲᠦᠭᠡᠯ ᠣᠯᠪᠠ᠃ ᠺᠢᠷᠭᠢᠽᠰᠲ᠋ᠠᠨ ᠤ ᠬᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ | ᠬᠤᠯᠪᠣᠭᠳᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ ᠳᠤᠮᠳᠠᠳᠤ ᠤᠯᠤᠰ ᠢ ᠦᠷᠭᠦᠯᠵᠢᠯᠡᠨ ᠡᠷᠡᠰ ᠳᠡᠮᠵᠢᠨ᠎ᠡ᠃ | ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠨᠢᠭᠡ ᠪᠦᠰᠡ | ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠺᠢᠷᠭᠢᠽᠰᠲ᠋ᠠᠨ ᠦᠽᠪᠸᠺᠰᠲ᠋ᠠᠨ ᠤ | ᠲᠡᠮᠦᠷ ᠵᠠᠮ ᠭᠡᠬᠦ ᠡᠨᠡ ᠬᠦ ︽ᠪᠣᠯᠣᠳ ᠲᠡᠮᠦᠷ ᠤᠨ ᠲᠣᠷᠭᠠᠨ ᠵᠠᠮ︾ ᠢ ᠰᠠᠶᠢᠲᠤᠷ ᠪᠦᠲᠦᠭᠡᠨ ᠪᠠᠶᠢᠭᠤᠯᠵᠤ᠂ ᠠᠵᠤ | ᠦᠢᠯᠡᠰ᠂ ᠪᠡᠯᠡ ᠣᠷᠣᠭᠤᠯᠤᠯᠲᠠ᠂ ᠠᠷᠠᠯᠵᠢᠶ᠎ᠠ᠂ ᠵᠠᠮ ᠬᠠᠷᠢᠯᠴᠠᠭ᠎ᠠ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠢ ᠶᠢᠨ ᠪᠠ ᠭᠠᠵᠠᠷ ᠣᠷᠣᠨ ᠤ | ᠪᠠᠶᠢᠳᠠᠯ ᠤᠨ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ | ᠯᠤᠭ᠎ᠠ ᠨᠢᠭᠲᠠ ᠬᠠᠮᠲᠤᠷᠠᠯᠴᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠳᠤᠮᠳᠠᠳᠤ ᠤᠯᠤᠰ | – ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠪᠦᠭᠦ | ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠵᠠᠷ ᠣᠷᠣᠨ ᠪᠣᠯᠣᠨ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃ | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠲᠡᠭᠦᠰᠦᠭᠰᠡᠨ ᠤ ᠳᠠᠷᠠᠭ᠎ᠠ᠂ | ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ | ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ | ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠥᠰᠥᠭ | ᠵᠢᠷᠤᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ | ᠬᠡᠯᠡᠯᠴᠡᠭᠡ ᠲᠡᠭᠦᠰᠦᠭᠰᠡᠨ ᠤ ᠳᠠᠷᠠᠭ᠎ᠠ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠪᠣᠯᠣᠨ ᠪᠦᠭᠦᠳᠡ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ | ᠳᠤ ᠬᠠᠮᠲᠤ ᠪᠠᠷ ᠭᠠᠷ ᠤᠨ ᠥᠰᠥᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ ᠵᠢᠴᠢ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ | ᠠᠬᠤᠢ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ | ᠵᠢᠷᠤᠬᠤ ᠶᠢ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ | ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠶᠢ ᠤᠭᠲᠤᠬᠤ ᠶᠣᠰᠣᠯᠠᠯ | ᠶᠠᠪᠤᠭᠤᠯᠪᠠ᠃ | | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ ᠰᠢ | ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ ᠤᠭᠲᠤᠬᠤ ᠶᠣᠰᠣᠯᠠᠯ | ᠶᠠᠪᠤᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ | ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ | ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ | ᠬᠥᠭᠵᠢᠮᠳᠡᠪᠡ᠃ ᠵᠠᠫᠠᠯᠤᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ | ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠡᠳᠦᠷ ᠤᠨ ᠦᠳᠡ ᠳᠤ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ | ᠰᠢᠵᠢᠷ ᠠᠯᠳᠠᠨ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠢ ᠤᠭᠲᠤᠬᠤ ᠳᠠᠶᠢᠯᠠᠯᠭ᠎ᠠ ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | |