2 ᠰᠠᠷ᠎ᠠ ᠶᠢᠨ 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠬᠤᠷᠢᠶ᠎ᠠ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠭᠤᠤᠯᠯᠠᠨ ᠡᠷᠭᠢᠯᠡᠭᠰᠡᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2025 ᠣᠨ ᠤ | ᠥᠯᠵᠡᠶᠢᠲᠦ ᠡᠳᠦᠷ ᠤᠨ ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠪᠠ᠃ | | ᠡᠬᠢᠯᠡᠯᠲᠡ ᠶᠢᠨ ᠶᠣᠰᠣᠯᠠᠯ ᠳᠡᠭᠡᠷ᠎ᠡ᠂ ᠴᠢᠦ ᠵᠢᠶᠦ᠋ᠨ᠂ ᠯᠢᠦ ᠸᠧᠨ ᠰᠢ᠂ ᠵᠠᠩ ᠳ᠋ᠠ ᠯᠢ᠂ ᠲᠡᠯᠭᠡᠷᠰᠡᠩ᠂ ᠸᠧᠨ | ᠮᠢᠩ᠂ ᠹᠠᠩ ᠾᠦᠢ᠂ ᠰᠦᠨ ᠵᠢᠶᠠᠨ ᠸᠧᠨ ᠵᠡᠷᠭᠡ ᠬᠤᠰᠢᠭᠤᠨ ᠤ ᠤᠳᠤᠷᠢᠳᠤᠯᠭ᠎ᠠ ᠬᠠᠮᠲᠤ ᠪᠠᠷ ᠡᠬᠢᠯᠡᠯᠲᠡ ᠶᠢᠨ | ᠪᠥᠮᠪᠦᠭᠡ ᠶᠢ ᠳᠠᠷᠤᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2025 ᠣᠨ ᠤ ᠥᠯᠵᠡᠶᠢᠲᠦ | ᠡᠳᠦᠷ ᠤᠨ ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠪᠡ᠃ | | ᠠᠵᠢᠯᠯᠠᠭ᠎ᠠ ᠶᠢ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠵᠡᠷᠭᠡᠪᠡᠷ ᠶᠠᠪᠤᠭᠳᠠᠬᠤ ᠠᠷᠭ᠎ᠠ ᠪᠠᠷ | ᠶᠠᠪᠤᠭᠳᠠᠭᠤᠯᠪᠠ᠃ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ 2025 ᠣᠨ ᠤ ᠥᠯᠵᠡᠶᠢᠲᠦ ᠡᠳᠦᠷ ᠤᠨ | ᠪᠠᠶᠠᠷ ᠤᠨ ᠡᠳᠦᠷ ᠤᠨ ᠰᠢᠷᠢᠰ ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢᠨ ᠲᠤᠬᠠᠶ ᠶᠢᠨ | ᠲᠠᠯᠠᠪᠠᠶ ᠳᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠦᠨ ᠵᠢᠶᠠᠨ ᠸᠧᠨ ᠰᠢᠭᠤᠳ | ᠨᠡᠪᠲᠡᠷᠡᠭᠦᠯᠭᠡ ᠶᠢᠨ ᠲᠠᠰᠤᠭ ᠲᠤ ᠬᠦᠷᠴᠦ᠂ ᠥᠷᠭᠡᠨ ᠣᠯᠠᠨ ᠰᠦᠯᠵᠢᠶᠡᠨ ᠠᠨᠳᠠ ᠨᠠᠷ ᠲᠤ ᠬᠤᠷᠴᠢᠨ ᠵᠡᠭᠦᠨ | ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠨᠥᠬᠦᠴᠡᠯ᠂ ᠡᠬᠢ ᠪᠠᠶᠠᠯᠢᠭ ᠤᠨ ᠣᠷᠣᠨ ᠪᠠᠶᠢᠷᠢ ᠶᠢᠨ ᠳᠠᠪᠠᠭᠤᠯᠢᠭ | ᠪᠠ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠨᠠᠷᠢᠨ ᠲᠠᠨᠢᠯᠴᠠᠭᠤᠯᠵᠤ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠪᠣᠳᠠᠰ ᠤᠨ ᠪᠤᠰᠤ ᠰᠣᠶᠣᠯ ᠤᠨ ᠥᠪ᠂ | ᠠᠮᠲᠠᠲᠤ ᠢᠳᠡᠭᠡᠨ᠂ ᠲᠠᠷᠢᠶᠠᠯᠠᠩ ᠤᠨ ᠣᠨᠴᠠ ᠭᠠᠷᠤᠯᠲᠠ ᠵᠡᠷᠭᠡ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ | ᠤᠨᠴᠠᠯᠢᠭᠳᠤ ᠪᠦᠲᠦᠭᠡᠭᠳᠡᠬᠦᠨ ᠢ ᠲᠠᠨᠢᠯᠴᠠᠭᠤᠯᠪᠠ᠃ |  ︽ᠬᠡᠷᠡᠯ ᠰᠠᠴᠤᠷᠠᠩᠭᠤᠶ ᠲᠡᠤᠬᠡᠨ ᠶᠠᠪᠤᠴᠠ᠂ ᠢᠷᠠᠭᠤ ᠠᠯᠳᠠᠷᠳᠤ ᠤᠮᠠᠷᠠᠲᠤ ᠬᠢᠯᠢ︾ ᠭᠡᠬᠦ ᠬᠡᠷᠡᠯ ᠵᠢᠷᠤᠭ ᠤᠨ | ᠠᠮᠵᠢᠯᠲᠠ ᠶᠢᠨ ᠦᠵᠡᠭᠦᠯᠦᠯᠭᠡ ᠨᠢ ᠥᠯᠵᠡᠶᠢᠲᠦ ᠡᠳᠦᠷ ᠤᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ᠂ ᠣᠯᠠᠨ | ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢᠨ ᠦᠵᠡᠭᠦᠯᠭᠡ ᠶᠢᠨ ᠲᠣᠭᠯᠠᠯᠲᠠ᠂ ᠴᠠᠭᠠᠨ ᠰᠠᠷ᠎ᠠ ᠶᠢᠨ ᠠᠷᠪᠠᠨ | ᠲᠠᠪᠤᠨ ᠤ ᠪᠠᠶᠠᠷ ᠤᠨ ᠲᠤᠰᠬᠠᠶ ᠤᠷᠠᠨ ᠰᠠᠶᠢᠬᠠᠨ ᠤ ᠲᠣᠭᠯᠠᠯᠲᠠ᠂ ᠲᠡᠬᠦᠯᠢᠨ ᠲᠠᠪᠬᠢᠬᠤ ᠮᠣᠷᠢᠨ ᠳ᠋ᠧᠩ ᠤᠨ ᠬᠡᠷᠡᠯ | ᠰᠠᠴᠤᠷᠠᠩᠭᠤᠶ ᠲᠣᠭᠯᠠᠯᠲᠠ ᠪᠠ ᠭᠡᠷᠡᠯ ᠭᠢᠯᠪᠠᠭ᠎ᠠ ᠰᠠᠴᠤᠷᠠᠭᠰᠠᠨ ᠬᠤᠸᠠᠷ ᠫᠤᠤᠵᠢᠩ ᠤᠨ ᠲᠣᠭᠯᠠᠯᠲᠠ ᠵᠡᠷᠭᠡ | ᠰᠦᠯᠵᠢᠶᠡᠨ ᠭᠠᠳᠠᠨᠠᠬᠢ ᠠᠵᠢᠯᠯᠠᠭ᠎ᠠ ᠶᠢᠨ ᠠᠭᠤᠯᠭ᠎ᠠ ᠶᠢ ᠬᠠᠮᠤᠷᠴᠤ᠂ ᠬᠤᠷᠴᠢᠨ ᠵᠡᠭᠦᠨ ᠭᠠᠷᠤᠨ ᠬᠤᠶᠢᠲᠤ | ᠬᠤᠰᠢᠭᠤᠨ ᠤ ᠠᠷᠠᠳ ᠲᠦᠮᠡᠨ ᠤ ᠴᠤᠭ ᠪᠠᠳᠠᠷᠠᠩᠭᠤᠶ ᠵᠣᠷᠢᠭ ᠰᠠᠨᠠᠭᠠᠨ ᠤ ᠪᠠᠶᠢᠳᠠᠯ ᠢ ᠢᠯᠡᠷᠡᠭᠦᠯᠵᠦ᠂ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠬᠤᠲᠠ ᠶᠢᠨ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠪᠠ | ᠥᠪᠡᠷᠮᠢᠴᠡ ᠷᠢᠳᠢ ᠰᠢᠳᠢ ᠶᠢ ᠪᠥᠬᠦ ᠲᠠᠯ᠎ᠠ ᠪᠠᠷ ᠢᠯᠡᠷᠡᠭᠦᠯᠪᠡ᠃ | ᠦᠯᠵᠡᠶᠢᠳᠦ ᠪᠤᠤᠪᠤ ᠪᠠᠷᠢᠬᠤ᠂ ᠶᠠᠩᠭᠠᠷ ᠪᠦᠵᠢᠭᠯᠡᠬᠦ᠂ ᠤᠨᠢᠰᠤᠭ᠎ᠠ ᠲᠠᠭᠠᠬᠤ᠂ ᠲᠡᠷᠭᠡᠨ ᠤ ᠦᠵᠡᠬᠦᠯᠭᠡ᠂ ᠮᠠᠯ | ᠲᠠᠷᠢᠶᠠᠯᠠᠩ ᠤᠨ ᠤᠨᠴᠠ ᠭᠠᠷᠤᠯᠳᠠ ᠶᠢᠨ ᠲᠡᠯᠭᠡᠨ ᠦᠵᠡᠬᠦᠯᠭᠡ᠂ ᠲᠤᠰᠬᠠᠢ ᠤᠷᠠᠨ ᠰᠠᠶᠢᠬᠠᠨ ᠤ ᠲᠤᠭᠯᠠᠯᠳᠠ᠂ | ᠰᠣᠯᠤᠩᠭᠠᠨ ᠳ᠋ᠧᠩ ᠤᠨ ᠦᠵᠡᠬᠦᠯᠭᠡ᠂ ᠴᠡᠴᠡᠭᠳᠦ ᠫᠤᠤᠵᠢᠩ ᠲᠠᠯᠪᠢᠬᠤ ᠵᠡᠷᠭᠡ ᠠᠵᠢᠯᠯᠠᠭ᠎ᠠ ᠨᠢ ᠦᠷᠭᠡᠨ ᠤᠯᠠᠨ | ᠲᠦᠮᠡᠨ ᠤ ᠲᠤᠷ᠎ᠠ ᠰᠤᠨᠢᠷᠬᠠᠯ ᠢ ᠲᠠᠳᠠᠵᠤ᠂ ᠬᠤᠶᠢᠳᠤ ᠬᠤᠰᠢᠭᠤᠨ ᠤ ᠤᠯᠠᠨ ᠲᠦᠮᠡᠨ ᠤ ᠤᠶᠤᠨ ᠰᠠᠨᠠᠭ᠎ᠠ ᠶᠢ ᠶᠡᠭᠡ | ᠪᠠᠷ ᠪᠠᠶᠠᠰᠬᠠᠭᠰᠠᠨ ᠪᠠᠶᠢᠨ᠎ᠠ᠃ | | | | | | | | | | | | ᠲᠤᠰ ᠠᠵᠢᠯᠯᠠᠭ᠎ᠠ ᠶᠢ ᠡᠷᠭᠢᠯᠡᠭᠰᠡᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ | ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ | ᠠᠭᠤᠰᠤᠯᠴᠠᠯ ᠪᠣᠯᠣᠨ ᠰᠣᠶᠣᠯ ᠠᠷᠠᠯᠵᠢᠶ᠎ᠠ ᠬᠤᠳᠠᠯᠳᠤᠭᠠᠨ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠦᠬᠦ | ᠬᠤᠰᠢᠭᠤᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠠᠶᠠᠷ ᠤᠨ ᠡᠳᠦᠷ ᠤᠨ ᠰᠣᠶᠣᠯ ᠤᠨ ᠠᠮᠢᠳᠤᠷᠠᠯ ᠢ | ᠲᠠᠰᠤᠷᠠᠯᠲᠠ ᠦᠭᠡᠢ ᠪᠠᠶᠠᠯᠢᠭᠵᠢᠭᠤᠯᠬᠤ ᠶᠢᠨ ᠲᠥᠯᠥᠭᠡ ᠶᠤᠮ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠨᠢ ᠰᠦᠯᠵᠢᠶᠡᠨ ᠤ ᠭᠠᠳᠠᠨᠠᠬᠢ 5 ᠲᠦᠮᠡ ᠭᠠᠷᠤᠶ | ᠬᠥᠮᠦᠨ ᠲᠤᠬᠠᠶ ᠶᠢᠨ ᠲᠠᠯᠠᠪᠤᠷ ᠲᠤ ᠬᠦᠷᠴᠦ ᠦᠵᠡᠭᠰᠡᠨ ᠪᠥᠭᠡᠳ ᠰᠢᠨᠬᠤᠸᠠ ᠬᠤᠷᠢᠶᠠᠨ ᠤ ᠲᠦᠷᠭᠡᠨ ᠦᠵᠡᠬᠦ᠂ | ᠰᠢᠨ ᠯᠠᠩ ᠪᠢᠴᠢᠯ ᠪᠦᠷᠭᠡ᠂ ᠥᠪᠥᠷ ᠮᠣᠩᠭᠤᠯ ᠤᠨ ᠡᠳᠦᠷ ᠤᠨ ᠰᠣᠨᠢᠨ ᠤ ᠰᠢᠯᠵᠢᠶ᠎ᠡ᠂ ᠲᠦᠩ ᠳ᠋ᠡ ᠬᠠᠮ | ᠵᠠᠭᠤᠴᠢᠯᠠᠭᠤᠷ ᠤᠨ ᠪᠥᠬᠦ ᠲᠠᠪᠴᠠᠩ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ | ᠪᠥᠬᠦ ᠲᠠᠪᠴᠠᠩ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠦᠵᠡᠭᠰᠡᠨ ᠪᠥᠬᠦ ᠬᠥᠮᠦᠨ ᠤ ᠲᠤᠭ᠎ᠠ 56 ᠲᠦᠮᠡᠨ | ᠬᠥᠮᠦᠨ ᠤᠳᠠᠭ᠎ᠠ ᠬᠦᠷᠴᠡᠶ᠃ | | |