2 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ | ᠳᠠᠷᠤᠭ᠎ᠠ ᠴᠢᠦ ᠵᠢᠶᠦ᠋ᠨ ᠭᠠᠨᠵᠤᠭ᠎ᠠ ᠭᠤᠤᠯ ᠬᠤᠲᠠ ᠶᠢᠨ ᠲᠣᠭᠤᠷᠢᠭ ᠲᠤ ᠭᠦᠨᠵᠡᠭᠡᠶᠢᠷᠡᠵᠦ᠂ ᠡᠷᠡᠭᠦᠯ ᠬᠠᠮᠠᠭᠠᠯᠠᠯ᠂ | ᠠᠷᠠᠳ ᠤᠨ ᠶᠠᠪᠤᠳᠠᠯ᠂ ᠬᠡᠷ ᠪᠠᠶᠢᠰᠢᠩ ᠭᠠᠵᠠᠷ ᠬᠥᠷᠥᠩᠭᠡ ᠵᠡᠷᠭᠡ ᠭᠤᠤᠯᠳᠠᠯᠭ᠎ᠠ ᠲᠠᠢ ᠬᠦᠷᠢᠶᠡᠨ ᠤ ᠲᠥᠷᠥᠯ ᠵᠦᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠰᠦᠨ ᠵᠢᠶᠠᠨ ᠸᠧᠨ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | | | | ᠬᠤᠰᠢᠭᠤᠨ ᠤ ᠡᠮᠨᠡᠯᠭᠡ ᠶᠢᠨ ᠬᠤᠷᠢᠶᠠᠨ ᠤ ᠠᠯᠪᠠᠨ ᠠᠰᠠᠷ ᠬᠢᠭᠡᠳ ᠠᠯᠪᠠᠨ ᠠᠴᠠ ᠡᠷᠭᠢᠯᠡᠭᠰᠡᠨ ᠨᠠᠰᠤᠵᠢᠯ ᠤᠨ | ᠠᠰᠠᠷᠠᠮᠵᠢ ᠶᠢᠨ ᠬᠦᠷᠢᠶᠡᠯᠡᠩ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠴᠢᠦ ᠵᠢᠶᠦ᠋ᠨ ᠬᠠᠷᠢᠭᠤ | ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠠ | ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠨᠠᠷᠢᠨ ᠠᠰᠠᠭᠤᠨ ᠯᠠᠪᠯᠠᠵᠠᠶ᠃ ᠲᠡᠷᠡ | ᠴᠢᠬᠤᠯᠠᠴᠢᠯᠠᠭᠰᠠᠨ ᠨᠢ᠂ ᠡᠷᠡᠭᠦᠯ ᠬᠠᠮᠠᠭᠠᠯᠠᠯ ᠪᠣᠯᠤᠨ ᠨᠠᠰᠤᠵᠢᠯ ᠤᠨ ᠠᠰᠠᠷᠠᠮᠵᠢ ᠶᠢᠨ ᠲᠦᠷᠦᠯ ᠵᠦᠢᠯ ᠪᠣᠯ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠶᠡᠭᠡ ᠢᠨᠵᠧᠨᠧᠷᠢᠩ ᠪᠣᠯᠤᠨ᠎ᠠ᠂ ᠡᠯ᠎ᠡ | ᠰᠠᠯᠠᠭ᠎ᠠ ᠮᠥᠴᠢᠷ ᠤᠨ ᠬᠢᠨ ᠶᠡᠭᠡ ᠲᠠᠯ᠎ᠠ ᠶᠢᠨ ᠤᠬᠠᠮᠰᠠᠷ ᠢ ᠪᠤᠢ ᠪᠣᠯᠭᠠᠵᠤ᠂ ᠨᠢᠭᠲᠠ ᠬᠠᠮᠵᠢᠯᠴᠠᠵᠤ᠂ | ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠡᠵᠡᠮᠳᠡᠵᠦ᠂ ᠢᠨᠵᠧᠨᠧᠷᠢᠩ ᠤᠨ ᠴᠠᠭ ᠪᠣᠯᠤᠨ ᠤᠯᠠᠨ ᠲᠦᠮᠡᠨ ᠤ | ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠢᠨᠵᠧᠨᠧᠷᠢᠩ ᠤᠨ ᠰᠡᠭᠦᠯ | ᠬᠤᠷᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠬᠢᠴᠠ ᠶᠢ ᠲᠦᠷᠭᠡᠳᠬᠡᠨ᠂ ᠡᠯ᠎ᠡ ᠵᠦᠢᠯ ᠤᠨ | ᠨᠠᠷᠢᠨ ᠵᠦᠢᠯᠡᠰ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠳᠤ ᠴᠢᠨᠠᠷ ᠰᠠᠶᠢᠲᠠᠶ ᠣᠯᠠᠨ ᠨᠡᠶᠢᠲᠡ ᠶᠢᠨ | ᠦᠢᠯᠡᠴᠢᠯᠡᠭᠡ ᠶᠢ ᠡᠷᠲᠡᠬᠡᠨ ᠡᠳ᠋ᠯᠡᠭᠦᠯᠵᠦ᠂ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠦᠨᠡᠨᠬᠦ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠳᠠᠷᠠᠭ᠎ᠠ ᠨᠢ᠂ ᠴᠢᠦ ᠵᠢᠶᠦ᠋ᠨ ᠯᠢ ᠰᠢᠶᠠᠩ ᠵᠢᠶᠦ᠋ᠨ ᠹᠦ᠋ ᠰᠠᠭᠤᠭᠠᠯᠢ ᠲᠤᠭᠤᠷᠢᠭ ᠤᠨ ᠬᠤᠶᠠᠳᠤᠭᠠᠷ ᠬᠤᠭᠤᠴᠠᠭ᠎ᠠ | ᠂ ᠵᠦᠩ ᠰᠢᠩ ᠰᠠᠭᠤᠭᠠᠯᠢ ᠲᠤᠭᠤᠷᠢᠭ ᠤᠨ ᠴᠧᠩ ᠱᠢ ᡁᠢ ᠭᠤᠸᠠᠩ ᠤᠨ ᠭᠤᠷᠪᠠᠳᠤᠭᠠᠷ ᠬᠤᠭᠤᠴᠠᠭ᠎ᠠ ᠪᠣᠯᠤᠨ | ᠹᠧᠢ ᠼᠦᠢ ᡁᠢ ᠭᠤᠸᠠᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ 2025 ᠣᠨ ᠤ ᠭᠡᠷ | ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠨ ᠲᠥᠯᠥᠪᠵᠢᠭᠦᠯᠭᠡ ᠶᠢ ᠣᠶᠢᠯᠠᠭᠠᠪᠠ᠃ ᠲᠡᠷᠡ ᠱᠠᠭᠠᠷᠳᠠᠭᠰᠠᠨ | ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠡᠷᠡᠭᠴᠡᠭᠡ ᠪᠣᠯᠤᠨ ᠲᠦᠷᠦ ᠶᠢᠨ | ᠪᠤᠳᠤᠯᠭ᠎ᠠ ᠶᠢᠨ ᠤᠳᠤᠷᠢᠳᠤᠮᠵᠢ ᠲᠠᠢ ᠤᠶᠠᠯᠳᠤᠭᠤᠯᠵᠤ᠂ ᠵᠢᠯᠤᠭᠤᠳᠤᠯᠭ᠎ᠠ ᠪᠣᠯᠤᠨ ᠬᠢᠨᠠᠯᠲᠠ ᠬᠠᠮᠢᠶᠠᠷᠤᠯᠲᠠ ᠪᠠᠨ | ᠴᠢᠩᠭᠠᠳᠬᠠᠵᠤ᠂ ᠡᠯ᠎ᠡ ᠲᠠᠯ᠎ᠠ ᠶᠢᠨ ᠶᠠᠰᠤ ᠴᠢᠨᠠᠷ ᠢ ᠡᠵᠡᠮᠳᠡᠬᠦ ᠶᠢ ᠱᠠᠯᠠᠪᠳᠠᠭᠤᠯᠵᠤ᠂ ᠢᠵᠢ ᠪᠦᠷᠢᠳᠦᠭᠰᠡᠨ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠴᠠᠭ ᠲᠤᠬᠠᠢ ᠳᠤᠨᠢ | ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ | ᠴᠢᠬᠤᠯᠠᠴᠢᠯᠠᠵᠤ᠂ ᠰᠠᠭᠤᠭᠠᠯᠢ ᠠᠷᠠᠳ ᠲᠤ ᠴᠢᠨᠠᠷ ᠰᠠᠶᠢᠲᠠᠶ᠂ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ | ᠲᠣᠭᠤᠷᠢᠨ ᠢ ᠪᠣᠶ ᠪᠣᠯᠭᠠᠵᠤ᠂ ᠣᠯᠠᠨ ᠲᠦᠮᠡᠨ ᠢ ᠰᠠᠨᠠᠭ᠎ᠠ ᠠᠮᠤᠷ ᠰᠠᠭᠤᠯᠭᠠᠵᠤ᠂ ᠲᠠᠭᠠᠯᠠᠮᠵᠢᠲᠠᠶ ᠪᠠᠶᠢᠯᠭᠠᠬᠤ | ᠬᠡᠷᠡᠭᠲᠡᠶ ᠭᠡᠵᠡᠢ᠃ | |