ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠨᠵᠤᠭ᠎ᠠ ᠢᠳᠡᠭᠡᠨ ᠤ ᠬᠢᠵᠠᠭᠠᠷᠲᠤ ᠺᠣᠮᠫᠠᠨᠢ ᠶᠢᠨ | ᠤᠯᠠᠮᠵᠢᠯᠠᠯᠳᠤ ᠵᠢᠶᠠᠩᠶ᠋ᠢᠦ ᠨᠡᠷᠡᠬᠦ ᠤᠷ᠎ᠠ ᠮᠡᠷᠭᠡᠵᠢᠯ ᠢ ᠰᠢᠨᠡᠴᠢᠯᠡᠵᠦ᠂ ᠲᠤᠰᠬᠠᠶ ᠠᠰᠢᠭ ᠤᠨ ᠮᠡᠷᠭᠡᠵᠢᠯ ᠢ ᠬᠡᠷᠡᠭᠯᠡᠨ᠂ | ᠵᠡᠭᠦᠨ ᠬᠤᠶᠢᠲᠤ ᠶᠢᠨ ᠭᠧᠨ ᠦᠯᠦ ᠰᠢᠯᠵᠢᠭᠦᠯᠦᠭᠰᠡᠨ ᠰᠢᠷ᠎ᠠ ᠪᠤᠷᠴᠠᠭ ᠪᠣᠯᠤᠨ ᠨᠣᠬᠠᠢ ᠶᠢᠨ ᠬᠤᠰᠢᠭᠤ ᠶᠢᠨ | ᠬᠠᠭᠤᠷᠤᠭᠰᠠᠨ ᠭᠤᠯᠢᠷ ᠢ ᠬᠤᠯᠢᠯᠳᠤᠭᠤᠯᠤᠨ ᠪᠤᠯᠭᠤᠭᠰᠠᠨ ᠤ ᠳᠠᠷᠠᠭ᠎ᠠ᠂ ᠦᠨᠢᠶᠡᠨ ᠰᠦ ᠲᠠᠢ ᠬᠤᠯᠢᠵᠤ ᠢᠰᠭᠡᠭᠡᠳ | ᠨᠡᠷᠡᠭᠰᠡᠨ ᠵᠢᠶᠠᠩᠶ᠋ᠢᠤ ᠨᠢ ᠰᠢᠷ᠎ᠠ ᠪᠤᠷᠴᠠᠭ᠂ ᠨᠣᠬᠠᠢ ᠶᠢᠨ ᠬᠤᠰᠢᠭᠤ ᠵᠡᠷᠭᠡ ᠤᠷᠭᠤᠮᠠᠯ ᠤᠨ ᠢᠷᠡᠯᠲᠡ ᠶᠢᠨ ᠰᠢᠪᠳᠤᠷ | ᠬᠦᠴᠢᠯ ᠪᠣᠯᠤᠨ ᠦᠨᠢᠶᠡᠨ ᠰᠦ ᠶᠢᠨ ᠠᠮᠢᠲᠠᠨ ᠤ ᠢᠷᠡᠯᠲᠡ ᠶᠢᠨ ᠰᠢᠪᠳᠤᠷ ᠬᠦᠴᠢᠯ ᠵᠡᠷᠭᠡ ᠶᠢ ᠠᠭᠤᠯᠵᠤ᠂ ᠰᠢᠮ᠎ᠡ | ᠲᠡᠵᠢᠭᠡᠯ ᠰᠠᠶᠢᠳᠠᠢ ᠮᠥᠷᠲᠡᠭᠡᠨ ᠨᠡᠮᠡᠯᠳᠡ ᠡᠳ᠋ ᠦᠭᠡᠢ ᠠᠮᠳᠠᠳᠠᠢ ᠰᠠᠶᠢᠬᠠᠨ ᠪᠠᠶᠢᠵᠤ᠂ ᠦᠢᠯᠡᠰ ᠨᠢᠭᠡᠳᠡᠨ ᠳᠡᠭᠡᠨ ︽ | ᠵᠢᠶᠠᠩᠶ᠋ᠢᠦ ᠶᠢᠨ 3.0 ᠬᠡᠪᠯᠡᠯ︾ ᠬᠡᠮᠡᠭᠳᠡᠵᠦ᠂ 2024 ᠣᠨ ᠤ ᠰᠢᠶᠠᠯᠢ ︵西雅︶ ᠶᠢᠨ ᠦᠵᠡᠰᠭᠦᠯᠡᠩ ︵ | ᠰᠢᠶᠠᠯᠢ ᠶᠢᠨ ᠪᠦᠬᠦ ᠪᠥᠮᠪᠥᠷᠴᠡᠭ ᠤᠨ ᠰᠢᠷᠢᠰ ᠢᠳᠡᠭᠡᠨ ᠤ ᠦᠵᠡᠰᠬᠦᠯᠡᠩ︶ ᠤᠨ ᠠᠯᠳᠠᠨ ᠱᠠᠩᠨᠠᠯ ᠢ ᠬᠦᠷᠲᠡᠵᠦ᠂ | 2024 ᠣᠨ ᠤ ︽ᠲᠠᠯ᠎ᠠ ᠨᠤᠲᠤᠭ ᠯᠤᠭ᠎ᠠ ᠶᠢᠨ ᠪᠣᠯᠵᠤᠭ᠎ᠠ︾ ᠨᠡᠷᠡᠮᠵᠢᠳᠦ ᠥᠪᠥᠷ ᠮᠣᠩᠭᠤᠯ ᠤᠨ ᠵᠢᠭᠤᠯᠴᠢᠯᠠᠯ ᠤᠨ | ᠲᠠᠸᠠᠷ ᠤᠨ ᠣᠷᠣᠨ ᠨᠤᠲᠤᠭ ᠤᠨ ᠬᠠᠮᠰᠠᠯ ᠪᠡᠯᠡᠭ ᠪᠤᠯᠤᠭᠰᠠᠨ ᠪᠠᠶᠢᠨ᠎ᠠ᠃ |