ᠪᠠᠶᠠᠨᠮᠣᠳᠣ ᠰᠤᠮᠤ ᠣᠶᠢᠯᠠᠭᠠᠭᠳᠠᠬᠤᠨ ᠢᠶᠠᠨ ᠬᠤᠪᠢᠷᠠᠭᠤᠯᠵᠤ ᠠᠯᠠᠰᠢᠨ ᠦᠬᠡᠷ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠪᠠ
ᠨᠡᠶᠢᠲᠡᠯᠡᠭᠰᠡᠨ ᠴᠠᠭ᠄
2025/2/17
   ᠦᠵᠡᠯᠲᠡ ᠪᠠᠨ ᠬᠤᠪᠢᠷᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠪᠡ ᠃ ᠡᠭᠦᠯᠳᠡᠷ ᠰᠠᠶᠢᠵᠢᠷᠠᠭᠤᠯᠬᠤ ᠪᠠ ᠬᠢᠵᠢᠭ ᠰᠡᠷᠭᠡᠶᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠤᠳᠤᠮ ᠴᠠᠳᠢᠭ ᠤᠨ ᠳᠠᠩᠰᠠᠯᠠᠯ ᠢ 10376 ᠪᠡᠶᠡᠯᠡᠭᠦᠯᠵᠦ᠂ ᠪᠦᠷᠢᠨ ᠪᠦᠲᠦᠨ ᠲᠤᠭ᠎ᠠ ᠪᠠᠷᠢᠮᠲᠠ ᠶᠢᠨ ᠬᠥᠮᠥᠷᠭᠡ ᠶᠢ  ᠪᠠᠶᠢᠭᠤᠯᠪᠠ ᠃ ᠣᠯᠠᠨ ᠲᠦᠮᠡᠨ ‍ᠤ‌ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠵᠡᠯᠲᠡ ᠶᠢ ᠬᠤᠪᠢᠷᠠᠭᠤᠯᠵᠤ᠂ ᠲᠤᠭ᠎ᠠ ᠬᠡᠮᠵᠢᠶ᠎ᠡ ᠶᠢ ᠬᠥᠭᠡᠭᠡᠴᠡᠯᠳᠦᠵᠦ ᠪᠠᠶᠢᠭᠰᠠᠨ ᠠᠴᠠ ᠶᠠᠰᠤ ᠴᠢᠨᠠᠷ ᠢ ᠳᠡᠭᠡᠭᠰᠢᠯᠡᠭᠦᠯᠬᠦ ᠲᠡᠰᠢ ᠬᠤᠪᠢᠷᠠᠭᠤᠯᠵᠤ᠂ ᠣᠯᠠᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠡᠷᠦᠬᠡ ᠶᠢ ᠪᠤᠶᠢᠵᠢᠭᠤᠯᠤᠨ᠂ ᠴᠡᠭ ᠢᠶᠠᠷ ᠨᠡᠶᠢᠳᠡᠮ ᠢ ᠳᠠᠶᠢᠴᠢᠯᠠᠬᠤ ᠪᠠᠷ ᠳᠠᠮᠵᠢᠭᠤᠯᠤᠨ᠂ ︽  ᠨᠠᠷᠢᠯᠢᠭ ᠲᠡᠵᠢᠭᠡᠵᠦ ᠢᠯᠡᠬᠦᠦ ᠠᠰᠢᠭ ᠤᠯᠬᠤ ︾ ᠬᠠᠷᠠᠯᠲᠠ ᠶᠢ ᠠᠯᠬᠤᠮ ᠠᠯᠬᠤᠮ ᠢᠶᠠᠷ ᠪᠠᠶᠡᠯᠡᠬᠦᠯᠪᠡ ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠬᠡᠯᠪᠡᠯᠵᠡᠯ ᠤᠨ ᠶᠡᠭᠡ ᠣᠷᠴᠢᠨ ᠨᠥᠬᠦᠴᠡᠯ ᠳᠣᠣᠷ᠎ᠠ᠂ ᠠᠯᠠᠰᠢᠨ ᠦᠬᠡᠷ ᠤᠨ ᠠᠵᠤ ᠦᠢᠯᠡᠰ ᠤᠨ ᠲᠣᠭᠲᠠᠭᠤᠨ ᠤ ᠳᠤᠮᠳᠠ ᠳᠠᠪᠰᠢᠬᠤ ᠶᠢ ᠪᠠᠲᠤᠯᠠᠵᠤ᠂ ᠲᠡᠵᠢᠭᠡᠨ ᠦᠷᠡᠵᠢᠭᠦᠯᠬᠦ ᠣᠷᠣᠯᠭ᠎ᠠ ᠨᠢ ᠮᠠᠯᠴᠢᠨ ᠲᠠᠷᠢᠶᠠᠴᠢᠨ ᠤ ᠣᠷᠣᠯᠭ᠎ᠠ ᠶᠢᠨ 85% ᠶᠢ ᠡᠵᠡᠯᠡᠪᠡ᠃    ᠪᠠᠲᠤᠯᠠᠭ᠎ᠠ ᠶᠢ ᠴᠢᠩᠭᠠᠳᠬᠠᠵᠤ᠂ ᠠᠵᠤ ᠦᠢᠯᠡᠰ ᠤᠨ ᠰᠠᠭᠤᠷᠢ ᠶᠢ ᠪᠠᠬᠢᠵᠢᠬᠦᠯᠪᠡ᠃ ︽ᠲᠡᠵᠢᠭᠡᠬᠦ ᠶᠢᠨ ᠲᠥᠯᠥᠭᠡ ᠲᠠᠷᠢᠵᠤ᠂ ᠮᠠᠯ ᠠᠵᠤ ᠠᠬᠤᠶ ᠶᠢᠨ ᠲᠥᠯᠥᠭᠡ ᠲᠠᠷᠢᠶᠠᠯᠠᠬᠤ︾ ᠶᠢ ᠪᠠᠷᠢᠮᠲᠠᠯᠠᠨ᠂ ᠥᠨᠳᠥᠷ ᠤᠨᠠᠯᠲᠠ ᠲᠠᠢ ᠬᠥᠬᠡ ᠳᠠᠷᠤᠰᠢ ᠶᠢᠨ ᠡᠷᠳᠡᠨᠢ ᠰᠢᠰᠢ᠂ ᠪᠣᠷᠣ ᠴᠠᠷᠭᠠᠰᠤ ᠵᠡᠷᠭᠡ ᠴᠢᠨᠠᠷ ᠰᠠᠶᠢᠲᠠᠶ ᠡᠪᠡᠰᠦ ᠪᠣᠷᠳᠤᠭ᠎ᠠ ᠶᠢ ᠢᠳᠡᠪᠬᠢᠲᠡᠶ ᠪᠠᠷ ᠳᠡᠯᠭᠡᠷᠡᠭᠦᠯᠵᠦ᠂ 4 ᠲᠦᠮᠡᠨ ᠮᠥ  ᠬᠦᠭᠡ ᠪᠤᠷᠳᠤᠭᠠᠨ ᠲᠠᠷᠢᠶ᠎ᠠ ᠂ 5100 ᠮᠥ ᠪᠣᠷᠣ ᠴᠠᠷᠭᠠᠰᠤ ᠲᠠᠷᠢᠵᠥ᠂ ᠵᠢᠯ ᠤᠨ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡ ᠨᠢ 34.65 ᠲᠦᠮᠡᠨ ᠲᠣᠨ ᠬᠦᠷᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠮᠥᠩᠭᠦ ᠶᠢ ᠨᠡᠶᠢᠳᠬᠡᠵᠦ᠂ ᠲᠡᠵᠢᠭᠡᠯ ᠡᠪᠡᠰᠦ ᠪᠣᠷᠳᠤᠭ᠎ᠠ ᠡᠳ᠋ᠰᠢᠭᠦᠯᠬᠦ ᠰᠠᠭᠤᠷᠢᠨ ᠭᠠᠵᠠᠷ ᠢ 2 ᠰᠢᠨ᠎ᠡ ᠪᠠᠷ ᠪᠠᠶᠢᠭᠤᠯᠵᠤ᠂ ᠲᠤᠬᠠᠢ ᠶᠢᠨ ᠭᠠᠵᠠᠷ ᠤᠨ ᠨᠣᠭᠤᠭᠠᠨ ᠳᠠᠷᠤᠰᠢ᠂ ᠠᠯᠳᠠᠭᠠᠨ᠎ᠠ ᠂ ᠪᠠᠶᠢᠭᠠᠯᠢ ᠶᠢᠨ ᠲᠡᠵᠢᠭᠡᠯ ᠡᠪᠡᠰᠦ ᠵᠡᠷᠭᠡ ︽ᠪᠣᠬᠢᠷᠲᠤᠯ ᠦᠭᠡᠢ︾ ᠡᠪᠡᠰᠦ ᠪᠣᠷᠳᠤᠭ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠤ᠂ ᠡᠳ᠋ᠰᠢᠭᠦᠯᠬᠦ ᠪᠠᠷ ᠳᠠᠮᠵᠢᠨ ᠰᠢᠮ᠎ᠡ ᠲᠡᠵᠢᠭᠡᠯ ᠤᠨ ᠪᠦᠷᠢᠯᠳᠦᠬᠦᠨ ᠢ ᠨᠡᠮᠡᠭᠳᠡᠬᠦᠯᠦᠨ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠬᠤ ᠶᠢᠨ ᠬᠠᠮᠲᠤ ᠦᠬᠡᠷ ᠤᠨ ᠮᠢᠬᠠᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠲᠠᠶᠢᠴᠢᠯᠠᠪᠠ᠃    ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠬᠦᠯᠪᠡ᠃ ᠪᠠᠶᠠᠨᠮᠣᠳᠣ ᠭᠠᠴᠠᠭ᠎ᠠ ᠶᠢᠨ ᠬᠤᠶᠢᠲᠤ ᠪᠠᠶᠠᠨᠮᠣᠳᠣ ᠳᠤᠭᠤᠶᠢᠯᠠᠩ ᠢᠶᠠᠷ  ᠭᠤᠤᠯᠳᠠᠭᠤᠯᠵᠥ᠂ ᠬᠠᠰᠢᠶᠠᠯᠠᠨ ᠲᠡᠵᠢᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ 200 ᠲᠡᠭᠰᠢ ᠳᠥᠷᠪᠡᠯᠵᠢᠨ ᠮᠧᠳ᠋ᠷ ᠤᠨ ᠡᠪᠡᠰᠦ ᠬᠠᠳᠠᠭᠠᠯᠠᠬᠤ ᠫᠧᠩ 40 ᠰᠠᠭᠤᠷᠢ ᠪᠠᠶᠢᠭᠤᠯᠵᠤ᠂ 32 ᠡᠷᠦᠬᠡ ᠶᠢᠨ 4500 ᠲᠡᠭᠰᠢ ᠳᠥᠷᠪᠡᠯᠵᠢᠨ ᠮᠧᠳ᠋ᠷ ᠤᠨ ᠡᠪᠡᠰᠦ ᠬᠠᠳᠠᠭᠠᠯᠠᠬᠤ ᠫᠧᠩ ᠪᠠ 100 ᠪᠣᠰᠤᠭ᠎ᠠ ᠳᠥᠷᠪᠡᠯᠵᠢᠨ ᠮᠧᠳ᠋ᠷ ᠤᠨ ᠵᠣᠭᠤᠷᠢ ᠶᠢ  ᠦᠬᠡᠷᠡᠴᠢᠯᠡᠪᠡ ᠃ ᠰᠦ ᠶᠢᠨ ᠦᠶ᠋ᠯᠡᠰ ᠢ ᠬᠥᠭᠵᠢᠭᠦᠯᠦᠨ ᠮᠠᠨᠳᠤᠭᠤᠯᠬᠤ ᠶᠢ ᠢᠳᠡᠪᠬᠢᠲᠡᠶ ᠠᠬᠢᠭᠤᠯᠵᠤ᠂ ᠴᠠᠭᠠᠨ ᠢᠳᠡᠭᠡ ᠪᠣᠯᠪᠠᠰᠤᠷᠠᠭᠤᠯᠬᠤ  ᠦᠢᠯᠡᠳᠪᠦᠷᠢ ᠶᠢ ᠨᠢᠭᠡ ᠪᠠᠶᠢᠭᠤᠯᠵᠤ᠂ ᠡᠳᠦᠷ ᠪᠦᠷᠢ 6000 ~ 800 ᠵᠢᠩ ᠰᠢᠨ᠎ᠡ ᠰᠦ ᠪᠣᠯᠪᠠᠰᠤᠷᠠᠭᠤᠯᠵᠤ᠂ ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠶᠢᠨ ᠬᠠᠮᠲᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠨᠡᠮᠡᠭᠳᠡᠭᠦᠯᠪᠡ᠃ ᠣᠳᠣᠬᠠᠨ ᠳᠤ᠂ ᠪᠥᠬᠦ ᠰᠤᠮᠤᠨ ᠳᠤ ᠬᠠᠰᠢᠶᠠᠯᠠᠨ ᠲᠡᠵᠢᠭᠡᠵᠦ ᠦᠷᠡᠵᠢᠭᠦᠯᠬᠦ ᠵᠢᠱᠢᠶ᠎ᠡ ᠦᠵᠡᠭᠦᠯᠬᠦ ᠲᠣᠰᠬᠤᠨ 1᠂ ᠪᠠᠷᠢᠮᠵᠢᠶᠠᠵᠢᠭᠤᠯᠤᠭᠰᠠᠨ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 58᠂ ᠵᠠᠭᠤᠨ ᠲᠣᠯᠣᠭᠠᠶ ᠠᠴᠠ ᠳᠡᠭᠡᠭᠰᠢᠬᠢ ᠦᠬᠡᠷ ᠲᠡᠵᠢᠭᠡᠬᠦ ᠲᠣᠮᠣ ᠡᠷᠦᠬᠡ 12 ᠪᠣᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号