ᠴᠢᠦ ᠵᠢᠶᠦ᠋ᠨ ᠬᠡᠰᠡᠭ ᠰᠤᠮᠤ ᠪᠠᠯᠭᠠᠰᠤᠨ ᠳᠤ ᠬᠦᠷᠴᠦ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠡᠪᠦᠯ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/17
    2 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠡᠪᠦᠯ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠸᠠᠩ ᠶᠢᠨ ᠴᠢᠶᠠᠩ ᠵᠢᠴᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠬᠠᠮᠢᠶ᠎ᠠ ᠪᠥᠬᠦᠶ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ ᠣᠷᠣᠯᠴᠠᠵᠠᠶ᠃
 邱军赴部分苏木镇调研.jpg
    ᠠᠭᠤᠯᠠ ᠪᠠᠯᠭᠠᠰᠤ ᠪᠣᠯᠤᠨ ᠨᠤᠭᠤᠰᠤᠲᠠᠢ ᠪᠠᠯᠭᠠᠰᠤᠨ ᠳᠤ᠂ ᠴᠢᠦ ᠵᠢᠶᠦ᠋ᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠣᠷᠣᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ 2025 ᠣᠨ ᠤ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠲᠤᠬᠠᠢ ᠲᠤᠬᠢᠷᠠᠭᠤᠯᠤᠨ ᠪᠠᠶᠢᠷᠢᠯᠠᠭᠤᠯᠵᠠᠢ᠃     ᠲᠡᠷᠡ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤᠨ ᠤ ᠣᠯᠠᠨ ᠵᠢᠯ ᠤᠨ ᠲᠤᠷᠰᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠡᠯ᠎ᠡ ᠭᠠᠵᠠᠷ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠢᠯᠪᠠᠷ ᠪᠤᠰᠤ ᠪᠠᠷ ᠣᠯᠤᠭᠰᠠᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠬᠤᠪᠢ ᠳᠠᠬᠢᠨ ᠨᠠᠨᠳᠢᠩᠨᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠨᠢᠭᠡ ᠬᠤᠭᠤᠴᠠᠭ᠎ᠠ ᠵᠠᠯᠭᠠᠨ ᠠᠵᠢᠯᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ ᠭᠡᠵᠡᠢ᠃    ᠴᠢᠯᠠᠭᠤᠲᠤ ᠪᠠᠯᠭᠠᠰᠤᠨ ᠳᠤ᠂ ᠴᠢᠦ ᠵᠢᠶᠦ᠋ᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠤᠨ ᠲᠦᠷᠦᠯ ᠵᠦᠢᠯ ᠤᠨ ᠭᠠᠵᠠᠷ ᠰᠣᠩᠭᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠬᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠡᠨᠡ ᠬᠤᠭᠤᠴᠠᠭᠠᠨ ᠳᠤ᠂ ᠴᠢᠦ ᠵᠢᠶᠦ᠋ᠨ ᠪᠠᠰᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠶᠠᠪᠤᠳᠠᠯ ᠤᠨ ᠲᠤᠬᠠᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号