ᠨᠡᠶᠢᠲᠡᠯᠡᠭᠰᠡᠨ ᠴᠠᠭ᠄ 2025/2/8 | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ ᠶᠢᠰᠦᠳᠦᠭᠡᠷ ᠬᠤᠭᠤᠴᠠᠭᠠᠨ ᠤ | ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ 2 ᠰᠠᠷ᠎ᠠ ᠶᠢᠨ 7 ᠤ | ᠣᠷᠣᠢ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠳᠤ ᠶᠠᠪᠤᠭᠳᠠᠨ᠎ᠠ᠃ ᠤᠯᠤᠰ ᠤᠨ ᠲᠡᠷᠢᠭᠦᠯᠡᠭᠴᠢ ᠰᠢ ᠶᠢᠨ ᠫᠢᠩ | ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠲᠤᠰ ᠬᠤᠭᠤᠴᠠᠭᠠᠨ ᠤ ᠠᠽᠢᠶ᠎ᠠ ᠲᠢᠪ ᠤᠨ ᠡᠪᠦᠯ | ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠨ᠎ᠠ᠃ | 7 ᠤ ᠦᠳᠡ ᠳᠤ᠂ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠲᠤ ᠢᠷᠡᠵᠦ ᠡᠭᠢᠯᠡᠯᠲᠡ ᠶᠢᠨ ᠶᠣᠰᠣᠯᠠᠯ ᠳᠤ | ᠣᠷᠤᠯᠴᠠᠬᠤ ᠭᠠᠳᠠᠭᠠᠳᠤ ᠤᠯᠤᠰ ᠤᠨ ᠤᠳᠤᠷᠢᠳᠬᠤ ᠬᠥᠮᠥᠰ ᠢ ᠤᠭᠲᠤᠬᠤ ᠳᠠᠶᠢᠯᠠᠯᠭ᠎ᠠ ᠬᠢᠨ᠎ᠡ᠃ | ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠭᠠᠳᠠᠭᠠᠳᠤ ᠤᠯᠤᠰ ᠤᠨ ᠤᠳᠤᠷᠢᠳᠬᠤ ᠬᠥᠮᠥᠰ ᠲᠤ᠄ ᠪᠷᠦ᠋ᠨ᠋ᠸᠢ ᠶᠢᠨ | ᠰᠦᠳᠠᠨ ᠬᠠᠰᠠᠩᠨᠠᠷ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠫᠠᠺᠢᠰᠲ᠋ᠠᠨ ᠤ ᠶᠡᠷᠦᠩᠬᠡᠶᠢᠯᠡᠭᠴᠢ ᠵᠠᠷᠳᠠᠯᠢ᠂ ᠲᠠᠢ | ᠤᠯᠤᠰ ᠤᠨ ᠶᠡᠷᠦᠩᠬᠡᠢ ᠰᠠᠶᠢᠳ ᠫᠸᠶᠢᠲ᠋ᠦ᠋ᠩᠲ᠋ᠠᠨ᠂ ᠺᠤᠷᠢᠶᠠ ᠶᠢᠨ ᠤᠯᠤᠰ ᠤᠨ ᠬᠤᠷᠠᠯ ᠤᠨ ᠵᠥᠪᠯᠡᠯᠭᠡᠨ ᠤ ᠳᠠᠷᠤᠭ᠎ᠠ ᠢᠦᠢ | ᠶᠤᠸᠠᠨ ᡁᠢ ᠨᠠᠷ ᠪᠤᠢ᠃ | ᠲᠤᠬᠠᠢ ᠶᠢᠨ ᠦᠶ᠎ᠡ ᠳᠤ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠴᠠ ᠡᠭᠢᠯᠡᠯᠲᠡ ᠶᠢᠨ ᠶᠣᠰᠣᠯᠠᠯ ᠢ | ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠭᠡᠷᠡᠯ ᠵᠢᠷᠤᠭ ᠥᠰᠥᠭ | ᠪᠢᠴᠢᠭ ᠤᠨ ᠰᠢᠭᠤᠳ ᠨᠡᠪᠲᠡᠷᠡᠭᠦᠯᠭᠡ ᠬᠢᠨ᠎ᠡ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ |