ᠰᠢ ᠶᠢᠨ ᠫᠢᠩ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/17
                     ᠨᠡᠶᠢᠲᠡᠯᠡᠭᠰᠡᠨ ᠴᠠᠭ᠄ 2025/2/8          ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ   2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ  ᠲᠡᠷᠢᠭᠦᠯᠡᠭᠴᠢ ᠰᠢ ᠶᠢᠨ ᠫᠢᠩ ᠬᠠᠷᠪᠢᠨ ᠤ ᠲᠠᠢ ᠶᠠᠩ ᠳ᠋ᠣᠣ ᠵᠣᠴᠢᠳ ᠤᠨ ᠪᠠᠭᠤᠳᠠᠯ ᠳᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ  ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ ᠢᠷᠡᠭᠰᠡᠨ ᠺᠤᠷᠢᠶᠠ ᠶᠢᠨ ᠤᠯᠤᠰ ᠤᠨ ᠬᠤᠷᠠᠯ ᠤᠨ ᠳᠠᠷᠤᠭ᠎ᠠ ᠢᠦᠢ ᠶᠤᠸᠠᠨ ᡁᠢ ᠲᠠᠢ  ᠠᠭᠤᠯᠵᠠᠪᠠ᠃           ᠰᠢ ᠶᠢᠨ ᠫᠢᠩ᠂ ᠬᠠᠷᠢᠯᠴᠠᠭ᠎ᠠ ᠪᠠᠶᠢᠭᠤᠯᠤᠭᠰᠠᠨ 30 ᠭᠠᠷᠤᠢ ᠵᠢᠯ ᠤᠨ ᠲᠤᠷᠰᠢ ᠳᠤᠮᠳᠠᠳᠤ ᠺᠤᠷᠢᠶᠠ ᠶᠢᠨ ᠬᠠᠷᠢᠯᠴᠠᠭ᠎ᠠ ᠲᠠᠰᠤᠷᠠᠯᠲᠠ ᠦᠭᠡᠢ ᠬᠥᠭᠵᠢᠵᠦ᠂  ᠬᠤᠶᠠᠷ ᠤᠯᠤᠰ ᠤᠨ ᠬᠠᠮᠲᠤᠷᠠᠯᠴᠠᠭ᠎ᠠ ᠶᠢ ᠠᠬᠢᠭᠤᠯᠤᠭᠰᠠᠨ ᠪᠥᠭᠡᠳ ᠭᠠᠵᠠᠷ ᠣᠷᠣᠨ ᠤ ᠡᠩᠬᠡ ᠲᠠᠶᠢᠪᠤᠩ ᠬᠥᠭᠵᠢᠯᠲᠡ ᠳᠤ ᠬᠤᠪᠢ ᠨᠡᠮᠡᠷᠢ ᠦᠵᠡᠭᠦᠯᠪᠡ᠃  ᠳᠤᠮᠳᠠᠳᠤ ᠤᠯᠤᠰ ᠠᠴᠠ ᠺᠤᠷᠢᠶᠠ ᠳᠤ ᠠᠪᠬᠤ ᠲᠥᠷᠥ ᠶᠢᠨ ᠪᠣᠳᠣᠯᠭ᠎ᠠ ᠪᠣᠯ ᠲᠣᠭᠲᠠᠭᠤᠨ ᠶᠤᠮ᠃ ᠣᠳᠣᠬᠠᠨ ᠤ ᠳᠡᠯᠡᠬᠡᠢ ᠶᠢᠨ ᠪᠠ ᠭᠠᠵᠠᠷ ᠣᠷᠣᠨ ᠤ  ᠪᠠᠶᠢᠳᠠᠯ ᠳᠠᠬᠢ ᠲᠣᠬᠲᠠᠭᠠᠯᠳᠤ ᠪᠤᠰᠤ ᠴᠢᠨᠠᠷ ᠨᠡᠮᠡᠭᠳᠡᠵᠦ᠂ ᠳᠤᠮᠳᠠᠳᠤ ᠺᠤᠷᠢᠶᠠ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ ᠳᠤᠮᠳᠠᠳᠤ ᠺᠤᠷᠢᠶᠠ ᠶᠢᠨ  ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ ᠬᠥᠭᠵᠢᠭᠦᠯᠪᠡᠯ ᠵᠣᠬᠢᠨ᠎ᠠ᠃ ᠡᠨᠡ ᠵᠢᠯ ᠪᠣᠯ ᠳᠤᠮᠳᠠᠳᠤ ᠤᠯᠤᠰ ᠤᠨ  ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠠᠶᠢᠨ ᠢᠯᠠᠯᠲᠠ ᠣᠯᠣᠭᠰᠠᠨ 80 ᠵᠢᠯ ᠤᠨ ᠤᠢ ᠪᠠ ᠺᠤᠷᠢᠶᠠ ᠶᠢᠨ ᠶᠠᠫᠤᠨ ᠤ ᠡᠵᠡᠷᠬᠡᠭᠯᠡᠯ ᠠᠴᠠ ᠰᠠᠯᠤᠭᠰᠠᠨ 80  ᠵᠢᠯ ᠤᠨ ᠤᠢ ᠪᠠᠶᠢᠵᠤ᠂ ᠬᠤᠶᠠᠷ ᠲᠠᠯ᠎ᠠ ᠪᠠᠷ ᠢᠶᠠᠨ ᠳᠤᠷᠠᠰᠬᠠᠬᠤ ᠠᠵᠢᠯᠯᠠᠭ᠎ᠠ ᠪᠠᠨ ᠰᠠᠶᠢᠲᠤᠷ ᠭᠢᠶ᠎ᠠ᠃ ᠬᠠᠷᠢᠯᠴᠠᠨ ᠠᠭᠤᠰᠤᠯᠴᠠᠬᠤ᠂ ᠬᠠᠷᠢᠯᠴᠠᠨ ᠠᠰᠢᠭᠲᠠᠢ  ᠬᠠᠮᠲᠤ ᠪᠠᠷ ᠠᠰᠢᠭ ᠭᠦᠷᠳᠡᠭᠦ ᠠᠵᠤ ᠠᠬᠤᠢ ᠠᠷᠠᠯᠵᠢᠶᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ  ᠲᠤᠰᠠ ᠲᠠᠢ ᠨᠡᠶᠢᠴᠡᠨ᠎ᠡ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠡᠮᠡᠭᠳᠡᠭᠦᠯᠵᠦ᠂ ᠠᠷᠠᠳ ᠲᠦᠮᠡᠨ ᠤ ᠬᠤᠭᠤᠷᠣᠨᠳᠣᠭᠢ ᠨᠥᠭᠦᠷᠰᠡᠭ ᠬᠠᠶᠢᠷ᠎ᠠ  ᠰᠡᠳᠬᠢᠯᠭᠡ ᠪᠠᠨ ᠴᠢᠩᠭᠠᠳᠬᠠᠶ᠎ᠠ᠃ ᠬᠤᠶᠠᠷ ᠲᠠᠯ᠎ᠠ ᠪᠠᠷ ᠢᠶᠠᠨ ᠡᠨᠡ ᠵᠢᠯ᠂ ᠢᠷᠡᠬᠦ ᠵᠢᠯ ᠳᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ  ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠲᠤᠰ ᠲᠤᠰ ᠡᠷᠬᠢᠯᠡᠬᠦ ᠶᠢ ᠬᠠᠷᠢᠯᠴᠠᠨ  ᠲᠡᠮᠵᠢᠶ᠎ᠡ ᠭᠡᠵᠦ ᠵᠢᠭᠠᠵᠤ ᠭᠠᠷᠭᠠᠪᠠ᠃           ᠢᠦᠢ ᠶᠤᠸᠠᠨ ᡁᠢ᠂ ᠺᠤᠷᠢᠶᠠ ᠳᠤᠮᠳᠠᠳᠤ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠲᠤᠰ ᠲᠤᠰ ᠤᠨ ᠬᠥᠭᠵᠢᠯᠲᠡ ᠳᠤ ᠴᠢᠬᠤᠯᠠ ᠦᠢᠯᠡᠳᠦᠯ  ᠦᠵᠡᠭᠦᠯᠪᠡ᠃ ᠳᠤᠮᠳᠠᠳᠤ ᠤᠯᠤᠰ ᠯᠤᠭ᠎ᠠ ᠨᠦᠭᠦᠷᠰᠡᠭ ᠪᠠᠶᠢᠬᠤ ᠪᠣᠯ ᠺᠤᠷᠢᠶᠠ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠭᠤᠣᠯᠳᠠᠯᠭ᠎ᠠ ᠶᠢᠨ  ᠨᠢᠭᠡ ᠪᠣᠯᠣᠨ᠎ᠠ᠂ ᠡᠨᠡ ᠲᠠᠯ᠎ᠠ ᠪᠠᠷ ᠬᠤᠪᠢᠷᠠᠬᠤ ᠦᠭᠡᠢ ᠶᠤᠮ᠃ ᠺᠤᠷᠢᠶᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠴᠢᠷᠮᠠᠶᠢᠵᠤ᠂ ᠺᠤᠷᠢᠶᠠ  ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠨᠢᠭᠡ ᠵᠢᠯ ᠳᠤ ᠲᠠᠭᠢᠨ ᠨᠢᠭᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠬᠤᠶᠠᠷ ᠤᠯᠤᠰ ᠢᠶᠠᠷ ᠢᠶᠠᠨ ᠠᠵᠤ ᠠᠬᠤᠢ  ᠠᠷᠠᠯᠵᠢᠶᠠᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ  ᠬᠠᠮᠠᠭᠠᠯᠠᠬᠤ ᠶᠢ ᠬᠦᠰᠡᠵᠦ  ᠪᠠᠶᠢᠨ᠎ᠠ᠃ ᠬᠥᠮᠥᠰ ᠤᠨ ᠶᠠᠪᠤᠯᠴᠠᠭ᠎ᠠ ᠶᠢ ᠥᠷᠭᠡᠳᠬᠡᠵᠦ᠂ ᠨᠥᠬᠦᠷᠯᠡᠯ   ᠢᠶᠠᠨ        ᠵᠤᠵᠠᠭᠠᠳᠬᠠᠶ᠎ᠠ᠃ ᠳᠡᠯᠡᠬᠡᠢ ᠶᠢᠨ ᠹᠠᠱᠢᠰ ᠢ ᠡᠰᠡᠷᠭᠦᠴᠡᠬᠦ  ᠲᠠᠶᠢᠨ ᠤ ᠢᠯᠠᠯᠲᠠ ᠣᠯᠣᠭᠰᠠᠨ 80 ᠵᠢᠯ ᠤᠨ ᠤᠢ ᠶᠢ ᠬᠠᠮᠲᠤ ᠪᠠᠷ ᠳᠤᠷᠠᠰᠬᠠᠵᠤ᠂ ᠡᠨᠡ ᠵᠢᠯ᠂ ᠢᠷᠡᠬᠦ ᠵᠢᠯ ᠤᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ  ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠢ ᠰᠠᠶᠢᠲᠤᠷ ᠡᠷᠭᠢᠯᠡᠭᠦ ᠶᠢ  ᠬᠠᠷᠢᠯᠴᠠᠨ ᠲᠡᠮᠵᠢᠶ᠎ᠡ ᠭᠡᠵᠦ ᠢᠯᠡᠳᠬᠡᠪᠡ᠃             ᠸᠠᠩ ᠢ ᠠᠭᠤᠯᠵᠠᠯᠲᠠ ᠳᠤ ᠣᠷᠣᠯᠴᠠᠵᠠᠢ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 
 
ᠢᠷᠡᠯᠲᠡ᠄ ᠦᠪᠦᠷ ᠮᠤᠩᠭᠤᠯ ᠤᠨ ᠠᠷᠠᠳ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号