︽ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ  ᠰᠤᠷᠤᠯᠴᠠᠯᠭ᠎ᠠ ᠶᠢᠨ ᠤᠩᠰᠢᠬᠤ ᠪᠢᠴᠢᠭ︾ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2025/2/18
                             ᠨᠡᠶᠢᠲᠡᠯᠡᠭᠰᠡᠨ ᠴᠠᠭ᠄ 2025/2/14         ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 13 ᠤ ᠴᠠᠬᠢᠯᠭᠠᠨ ᠮᠡᠳᠡᠭᠡ   ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ  ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽  ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠶᠢᠨ  ᠤᠩᠰᠢᠬᠤ ᠪᠢᠴᠢᠭ︾ ︵ᠳᠣᠷᠣᠭᠰᠢ ︽ᠤᠩᠰᠢᠬᠤ ᠪᠢᠴᠢᠭ︾ ᠭᠡᠵᠦ ᠳᠦᠭᠦᠮᠴᠢᠯᠡᠨ᠎ᠠ︶ ᠭᠡᠬᠦ ᠨᠣᠮ ᠢ ᠣᠶᠢᠷ᠎ᠠ ᠳᠤ ᠠᠷᠠᠳ ᠤᠨ ᠬᠡᠪᠯᠡᠯ ᠤᠨ ᠬᠤᠷᠢᠶ᠎ᠠ᠂  ᠦᠨᠳᠦᠰᠦᠲᠡᠨ ᠤ ᠬᠡᠪᠯᠡᠯ ᠤᠨ ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ︽ᠬᠤᠶᠠᠷ ᠢ  ᠤᠶᠠᠯᠳᠤᠭᠤᠯᠬᠤ︾ ᠶᠢ ᠪᠠᠷᠢᠮᠲᠠᠯᠠᠵᠤ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠡ ᠦᠭᠡᠢ  ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠢᠨ᠎ᠡ ᠴᠠᠭ ᠦᠶ᠎ᠡ ᠶᠢᠨ ᠨᠠᠮ ᠤᠨ  ᠦᠨᠳᠦᠰᠦᠲᠡᠨ ᠤ ᠠᠵᠢᠯ ᠤᠨ ᠭᠤᠣᠯ ᠰᠢᠵᠢᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ  ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠨᠠᠮ ᠤᠨ  ᠦᠨᠳᠦᠰᠦᠲᠡᠨ ᠤ ᠠᠵᠢᠯ ᠢ ᠵᠢᠯᠣᠭᠤᠳᠤᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠪᠠ᠃ ︽ᠤᠩᠰᠢᠬᠤ ᠪᠢᠴᠢᠭ︾ ᠨᠢ ᠨᠡᠶᠢᠳᠡ 14 ᠪᠦᠯᠦᠭ ᠢᠶᠠᠷ  ᠪᠦᠷᠢᠯᠳᠦᠵᠦ᠂ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ᠂ ᠠᠵᠢᠯ ᠤᠨ ᠭᠤᠣᠯ ᠰᠢᠵᠢᠮ᠂ ᠴᠢᠬᠤᠯᠠ ᠪᠠᠲᠤᠯᠠᠭ᠎ᠠ ᠵᠡᠷᠭᠡ ᠲᠠᠯ᠎ᠠ ᠪᠠᠷ᠂ ᠶᠡᠷᠦᠩᠬᠡᠢ ᠱᠦᠵᠢ ᠰᠢ  ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ  ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠵᠡᠢ᠃           ︽ᠤᠩᠰᠢᠬᠤ ᠪᠢᠴᠢᠭ︾ ᠤᠨ ᠬᠡᠪᠯᠡᠭᠳᠡᠭᠰᠡᠨ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ ᠶᠡᠷᠦᠩᠬᠡᠢ ᠱᠦᠵᠢ ᠰᠢ ᠶᠢᠨ ᠫᠢᠩ ᠤᠨ  ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠢᠷᠭᠠᠯ ᠵᠣᠪᠠᠯᠠᠩ ᠢᠶᠠᠨ  ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ  ᠴᠣᠭᠴᠠ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ  ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ  ᠪᠠᠲᠤᠳᠬᠠᠬᠤ ᠳᠤ ᠠᠰᠢᠭᠲᠠᠢ ᠶᠤᠮ᠃            ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ       
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号