| ᠳᠠᠪᠤᠰᠤ ᠶᠡᠬᠡᠲᠡᠢ ᠢᠳᠠᠭᠡᠨ ᠤᠮᠳᠠᠭᠠᠨ ᠤ ᠬᠤᠣᠷ ᠬᠥᠨᠥᠭᠡᠯ ᠨᠢ ᠵᠦᠪᠭᠡᠨ ᠴᠢᠰᠤᠨ ᠳᠠᠷᠤᠯᠲᠠ ᠶᠢ ᠥᠨᠳᠥᠷ | ᠪᠤᠯᠭᠠᠬᠤ ᠲᠡᠳᠦᠢ ᠪᠢᠰᠢ᠂ ᠬᠤᠳᠣᠭᠤᠳᠤᠨ ᠤ ᠦᠷᠪᠢᠰᠦᠯ ᠤᠨ ᠡᠭᠦᠰᠦᠯᠲᠡ ᠨᠢ ᠴᠤ ᠳᠠᠪᠤᠰᠤ ᠶᠡᠬᠡᠲᠡᠢ ᠢᠳᠠᠭᠡᠨ | ᠤᠮᠳᠠᠭᠠᠨ ᠲᠠᠢ ᠨᠢᠭᠲᠠ ᠬᠠᠷᠢᠴᠠᠭ᠎ᠠ ᠲᠠᠢ ᠪᠠᠶᠢᠳᠠᠭ᠃ | ᠳᠠᠪᠤᠰᠤ ᠶᠢ ᠬᠡᠲᠦᠷᠬᠡᠢ ᠠᠷᠪᠢᠨ ᠰᠢᠩᠭᠡᠭᠡᠪᠡᠯ ᠬᠤᠳᠣᠭᠤᠳᠤᠨ ᠤ ᠰᠠᠯᠢᠰᠤᠲᠤ ᠪᠦᠷᠬᠦᠪᠴᠢ ᠳᠤ ᠰᠡᠳᠦᠯᠲᠡ | ᠥᠭᠴᠦ᠂ ᠬᠤᠳᠣᠭᠤᠳᠤᠨ ᠬᠠᠨ᠎ᠠ ᠶᠢᠨ ᠡᠰ ᠢ ᠬᠤᠪᠬᠤᠷᠠᠭᠤᠯᠤᠨ ᠤᠨᠠᠭᠠᠵᠤ ᠮᠠᠳᠠᠨ᠎ᠠ᠃ ᠬᠠᠨ᠎ᠠ ᠶᠢᠨ ᠡᠰ ᠪᠣᠯ | ᠬᠤᠳᠣᠭᠤᠳᠤᠨ ᠤ ᠡᠷᠡᠭᠦᠯ ᠮᠠᠨᠳᠤ ᠶᠢ ᠬᠠᠮᠠᠭᠠᠯᠠᠬᠤ ᠬᠠᠯᠬᠠᠪᠴᠢ ᠮᠥᠨ᠂ ᠬᠡᠷᠪᠡ ᠡᠪᠳᠡᠭᠳᠡᠪᠡᠯ ᠬᠤᠳᠣᠭᠤᠳᠤᠨ ᠤ | ᠦᠷᠪᠢᠰᠦᠯ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠵᠦ᠂ ᠬᠦᠨᠳᠦ ᠨᠣᠴᠢᠲᠠᠢ ᠨᠢ ᠪᠠᠰᠠ ᠬᠤᠳᠣᠭᠤᠳᠤᠨ ᠤ | ᠦᠮᠠᠨ ᠢ ᠡᠭᠦᠰᠬᠡᠵᠦ ᠮᠠᠳᠠᠨ᠎ᠠ᠃ | ︽ᠲᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠠᠭᠡᠨ ᠤᠮᠳᠠᠭᠠᠨ ᠤ ᠵᠢᠭᠠᠯᠲᠠ ᠶᠢᠨ ᠰᠠᠨᠠᠭᠤᠯᠭ᠎ᠠ︾ ᠶᠢ | ᠦᠨᠳᠦᠰᠦᠯᠡᠪᠡᠯ᠂ ᠬᠥᠮᠥᠨ ᠪᠦᠷᠢ ᠶᠢᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠨᠢ 5 ᠭᠷᠡᠮ ᠠᠴᠠ ᠪᠠᠭ᠎ᠠ | ᠪᠠᠶᠢᠪᠠᠯ ᠵᠣᠬᠢᠨ᠎ᠠ᠃ ᠬᠤᠳᠣᠭᠤᠳᠤᠨ ᠤ ︽ᠥᠲᠡᠯᠬᠦ︾ ᠠᠬᠢᠴᠠ ᠶᠢ ᠤᠳᠠᠭᠠᠰᠢᠷᠠᠭᠤᠯᠤᠶᠠ ᠭᠡᠪᠡᠯ ᠡᠷᠬᠡᠪᠰᠢ ᠠᠷᠭ᠎ᠠ | ᠪᠤᠳᠤᠵᠤ ᠳᠠᠪᠤᠰᠤ ᠶᠢ ᠬᠢᠵᠠᠭᠠᠷᠯᠠᠬᠤ ᠬᠡᠷᠡᠭᠲᠡᠢ᠃ | ᠨᠣᠭᠤᠭ᠎ᠠ ᠬᠢᠬᠦ ᠲᠡᠭᠡᠨ ᠲᠣᠭᠤᠭᠠᠨ ᠠᠴᠠ ᠪᠠᠨ ᠭᠠᠷᠭᠠᠬᠤ ᠦᠶ᠎ᠡ ᠳᠤ ᠳᠠᠪᠤᠰᠤ ᠬᠢᠬᠦ ᠶᠢ ᠰᠠᠨᠠᠭᠠᠴᠢᠯᠠᠨ᠎ᠠ᠂ | ᠨᠣᠭᠤᠭ᠎ᠠ ᠬᠢᠬᠦ ᠳᠤ ᠼᠤᠤ ᠪᠠᠷ ᠠᠮᠲᠠ ᠣᠷᠣᠭᠤᠯᠵᠤ ᠪᠣᠯᠣᠨ᠎ᠠ᠂ ᠤᠴᠢᠷ ᠨᠢ ᠪᠠᠭ᠎ᠠ ᠬᠡᠮᠵᠢᠶᠡᠨ ᠤ ᠼᠤᠤ ᠨᠢ ᠱᠣᠷᠪᠣᠭ | ᠠᠮᠲᠠ ᠶᠢ ᠨᠡᠮᠡᠭᠳᠡᠭᠦᠯᠳᠡᠭ᠃ ᠪᠠᠰᠠ ᠦᠨᠦᠷᠲᠦ ᠨᠠᠪᠴᠢ᠂ ᠬᠤᠤᠵᠤᠤ ᠶᠢᠨ ᠨᠤᠨᠳᠠᠭ᠂ ᠶᠡᠷᠮ᠎ᠡ᠂ ᠰᠣᠩᠭᠢᠨ᠎ᠠ᠂ ᠰᠠᠷᠢᠮᠰᠤᠭ᠂ | ᠭᠠ ᠮᠡᠲᠦ ᠶᠢᠨ ᠪᠠᠶᠢᠭᠠᠯᠢᠯᠢᠭ ᠠᠮᠲᠠ ᠤᠷᠤᠭᠤᠯᠬᠤ ᠡᠳ᠋ ᠢ ᠢᠯᠡᠭᠦᠦ ᠰᠢᠭ ᠬᠢᠵᠦ ᠪᠣᠯᠣᠨ᠎ᠠ᠃ | ᠠᠮᠢᠳᠤᠷᠠᠯ ᠳᠤᠮᠳᠠ ᠳᠠᠪᠤᠰᠤᠯᠠᠭᠰᠠᠨ ᠨᠣᠭᠤᠭ᠎ᠠ᠂ ᠳᠠᠷᠤᠰᠢᠯᠠᠭᠰᠠᠨ ᠨᠣᠭᠤᠭ᠎ᠠ᠂ ᠪᠤᠷᠴᠠᠭ ᠤᠨ ᠵᠢᠶᠠᠩ᠂ | ᠳᠠᠪᠤᠰᠤᠯᠠᠭᠰᠠᠨ ᠮᠢᠬ᠎ᠠ ᠵᠡᠷᠭᠡ ᠨᠢᠭᠤᠭᠳᠠᠮᠠᠯ ᠳᠠᠪᠤᠰᠤ ᠲᠠᠢ ᠢᠳᠠᠭᠡᠨ ᠢ ᠪᠠᠭ᠎ᠠ ᠬᠢᠬᠦ ᠬᠡᠷᠡᠭᠲᠡᠢ᠂ ᠤᠴᠢᠷ ᠨᠢ 10ml | ᠵᠢᠶᠠᠩᠶ᠋ᠢᠦ ᠳᠤ ᠪᠠᠷᠤᠭ 1.6g ᠳᠠᠪᠤᠰᠤ ᠠᠭᠤᠯᠳᠠᠭ᠃ | ᠡᠭᠦᠨ ᠠᠴᠠ ᠭᠠᠳᠠᠨ᠎ᠠ᠂ ᠪᠣᠭᠤᠳᠠᠯᠯᠠᠭᠰᠠᠨ ᠢᠳᠠᠭᠡᠨ ᠢ ᠬᠤᠳᠠᠯᠳᠤᠨ ᠠᠪᠬᠤ ᠳᠠᠭᠠᠨ ᠰᠢᠮ᠎ᠡ ᠲᠡᠵᠢᠭᠡᠯ ᠤᠨ | ᠪᠦᠷᠢᠯᠳᠦᠭᠦᠨ ᠤ ᠬᠦᠰᠦᠨᠦᠭᠲᠦ ᠶᠢ ᠦᠵᠡᠵᠦ᠂ ᠴᠢᠳᠠᠬᠤ ᠶᠢᠨ ᠳᠣᠲᠣᠷ᠎ᠠ ᠳᠠᠪᠤᠰᠤ ᠶᠡᠬᠡᠲᠡᠢ ᠢᠳᠠᠭᠡᠨ ᠢ | ᠬᠤᠳᠠᠯᠳᠤᠨ ᠠᠪᠬᠤ ᠦᠭᠡᠢ᠂ ᠥᠭᠡᠷ᠎ᠡ ᠪᠠᠷ ᠬᠡᠯᠡᠪᠡᠯ ᠨᠠᠲᠷᠢ ᠶᠢᠨ ᠠᠭᠤᠯᠤᠭᠳᠠᠴᠠ ᠨᠢ ≥800mg\100g | ᠪᠤᠯᠬᠤ ᠢᠳᠠᠭᠡᠨ ᠢ ᠬᠤᠳᠠᠯᠳᠤᠨ ᠠᠪᠬᠤ ᠦᠭᠡᠢ ᠪᠣᠯ ᠰᠠᠶᠢᠨ᠃ | |