| ᠨᠡᠶᠢᠲᠡᠯᠡᠭᠰᠡᠨ ᠴᠠᠭ᠄ 2025/2/17 | | ᠠᠷᠠᠳ ᠤᠨ ᠪᠠᠩᠬᠢ ᠶᠢᠨ ᠰᠦᠯᠵᠢᠶᠡᠨ ᠥᠷᠲᠡᠭᠡᠨ ᠤ 2 ᠳ᠋ᠤᠭᠠᠷ ᠰᠠᠷ᠎ᠠ ᠶᠢᠨ 13 ᠤ ᠡᠳᠦᠷ ᠨᠡᠶᠢᠲᠡᠯᠡᠭᠰᠡᠨ 2024 | ᠣᠨ ᠤ ᠳᠥᠷᠪᠡᠳᠦᠭᠡᠷ ᠤᠯᠠᠷᠢᠯ ᠳᠠᠬᠢ ᠳᠤᠮᠳᠠᠳᠤ ᠤᠯᠤᠰ ᠤᠨ ᠵᠣᠭᠤᠰᠣᠨ ᠤ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠦᠭᠰᠡᠨ ᠮᠡᠳᠡᠭᠦᠯᠦᠯᠲᠡ ᠳᠤ ᠳᠤᠷᠠᠳᠬᠤ ᠳᠤ ᠪᠠᠨ᠂ ᠵᠣᠬᠢᠰᠲᠠᠶ ᠮᠥᠷᠲᠡᠭᠡᠨ ᠠᠭᠤᠵᠢᠭᠤ ᠪᠠᠶᠢᠯᠭᠠᠬᠤ | ᠵᠣᠭᠤᠰᠣᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ ᠭᠡᠵᠡᠢ᠃ ᠵᠣᠭᠤᠰᠣᠨ ᠤ ᠲᠥᠷᠥ ᠶᠢᠨ | ᠪᠣᠳᠣᠯᠭ᠎ᠠ ᠶᠢᠨ ᠣᠯᠠᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ | ᠮᠥᠩᠭᠦᠨ ᠭᠦᠢᠯᠭᠡᠭᠡᠨ ᠤ ᠪᠠᠶᠢᠳᠠᠯ ᠪᠠ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ | ᠦᠨᠳᠦᠰᠦᠯᠡᠨ᠂ ᠲᠣᠬᠢᠶᠠᠯ ᠳᠤ ᠨᠡᠶᠢᠴᠡᠭᠦᠯᠦᠨ ᠲᠥᠷᠥ ᠶᠢᠨ ᠪᠣᠳᠣᠯᠭ᠎ᠠ ᠶᠢᠨ ᠡᠷᠴᠢᠮ ᠪᠠ ᠠᠶᠢᠵᠠᠮ ᠢ ᠲᠣᠬᠢᠷᠠᠭᠤᠯᠤᠨ | ᠰᠢᠯᠢᠳᠡᠭᠵᠢᠭᠦᠯᠵᠦ᠂ ᠬᠥᠳᠡᠯᠦᠩᠭᠦᠶ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠲᠣᠬᠢᠷᠠᠭᠤᠯᠬᠤ | ᠬᠡᠪᠴᠢᠶᠡᠵᠢᠯ᠂ ᠵᠣᠭᠤᠰᠣᠨ ᠤ ᠬᠠᠩᠭᠠᠯᠭ᠎ᠠ ᠶᠢᠨ ᠬᠡᠮᠵᠢᠶᠡᠨ ᠤ ᠨᠡᠮᠡᠭᠳᠡᠯ ᠢ ᠠᠵᠤ ᠠᠬᠤᠶ ᠶᠢᠨ ᠨᠡᠮᠡᠭᠳᠡᠯ᠂ ᠦᠨ᠎ᠡ | ᠬᠠᠩᠰᠢ ᠶᠢᠨ ᠶᠡᠷᠦᠩᠬᠡᠶ ᠬᠢᠷᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠬᠤ ᠬᠡᠷᠡᠭᠲᠡᠶ᠃ | ᠴᠢᠬᠤᠯᠠ ᠠᠭᠤᠯᠭ᠎ᠠ ᠨᠢ | ᠪᠠᠷᠠᠭᠠᠨ ᠤ ᠦᠨ᠎ᠡ ᠶᠢᠨ ᠵᠦᠢ ᠵᠣᠬᠢᠰᠲᠠᠢ ᠪᠠᠷ ᠥᠰᠬᠦ ᠶᠢ ᠠᠬᠢᠭᠤᠯᠬᠤ ᠶᠠᠪᠤᠳᠠᠯ ᠢ ᠵᠣᠭᠤᠰᠤᠨ ᠤ ᠲᠦᠷᠦ ᠶᠢᠨ | ᠪᠣᠳᠣᠯᠭ᠎ᠠ ᠶᠢ ᠡᠵᠡᠮᠰᠢᠬᠦ ᠶᠢᠨ ᠴᠢᠬᠤᠯᠠ ᠪᠣᠳᠣᠯᠬᠢᠯᠠᠯ ᠪᠣᠯᠭᠠᠵᠤ᠂ ᠪᠠᠷᠠᠭᠠᠨ ᠤ ᠦᠨ᠎ᠡ ᠶᠢ ᠵᠦᠢ ᠵᠣᠬᠢᠰᠲᠠᠢ ᠬᠡᠮᠵᠢᠶᠡᠨ ᠳᠤ | ᠪᠠᠶᠢᠯᠭᠠᠬᠤ ᠶᠢ ᠠᠬᠢᠭᠤᠯᠤᠨ᠎ᠠ | ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠲᠣᠭᠲᠠᠴᠠ ᠶᠢ ᠰᠢᠯᠤᠭᠤᠳᠬᠠᠨ᠂ ᠦᠯᠡᠳᠡᠭᠡᠯ ᠬᠢᠭᠡᠳ | ᠨᠡᠮᠡᠭᠳᠡᠯ ᠤᠨ ᠬᠠᠷᠢᠴᠠᠭ᠎ᠠ ᠶᠢ ᠨᠡᠩ ᠰᠠᠢᠲᠤᠷ ᠡᠵᠡᠮᠰᠢᠵᠦ᠂ ᠮᠥᠩᠭᠦᠨ ᠭᠦᠢᠯᠭᠡᠭᠡᠨ ᠤ ᠦᠯᠡᠳᠡᠭᠡᠯ ᠡᠬᠢ ᠪᠠᠶᠠᠯᠢᠭ ᠢ | ᠰᠡᠷᠭᠦᠭᠡᠬᠦ ᠶᠢ ᠴᠢᠬᠤᠯᠠᠴᠢᠯᠠᠨ᠂ ᠪᠡᠯᠡ ᠮᠥᠩᠭᠦᠨ ᠤ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠪᠠ ᠰᠠᠭᠤᠭᠠᠯᠢ ᠠᠷᠠᠳ ᠤᠨ ᠵᠢᠭᠡᠯᠡᠯᠭᠡ ᠶᠢᠨ ᠥᠪᠡᠷ ᠤᠨ ᠦᠷᠲᠡᠭ ᠢ | ᠪᠠᠭᠤᠷᠠᠭᠤᠯᠬᠤ ᠶᠢ ᠠᠬᠢᠭᠤᠯᠤᠨ᠎ᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠬᠡᠷᠡᠭᠯᠡᠭᠡ ᠶᠢ ᠠᠬᠢᠭᠤᠯᠬᠤ ᠮᠣᠩᠭᠦᠨ ᠭᠦᠢᠯᠭᠡᠭᠡᠨ ᠤ | ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ | ᠭᠤᠪᠢᠭᠤᠯᠭ᠎ᠠ ᠶᠢᠨ ᠨᠣᠷᠮ᠎ᠠ ᠳᠤ ᠬᠡᠳᠦ ᠲᠣᠬᠢᠷᠠᠭᠤᠯᠭ᠎ᠠ ᠬᠢᠬᠦ ᠶᠢᠨ ᠲᠦᠭᠰᠢᠭᠦᠷᠢ ᠶᠢ ᠡᠷᠡᠰ ᠰᠡᠷᠭᠡᠶᠢᠯᠡᠵᠦ᠂ ᠠᠷᠠᠳ ᠤᠨ | ᠵᠣᠭᠤᠰᠤᠨ ᠤ ᠭᠤᠪᠢᠭᠤᠯᠭ᠎ᠠ ᠶᠢᠨ ᠨᠣᠷᠮ᠎ᠠ ᠶᠢ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠬᠢᠷᠢ ᠲᠦᠪᠰᠢᠨ ᠳᠤ | ᠦᠨᠳᠦᠰᠦᠨ ᠳᠤ ᠪᠠᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | |