ᠨᠡᠶᠢᠲᠡᠯᠡᠭᠰᠡᠨ ᠴᠠᠭ᠄ 2025/2/17 | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 16 ᠤ | ᠡᠳᠦᠷ ᠬᠡᠪᠯᠡᠭᠳᠡᠭᠰᠡᠨ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ | ᠪᠦᠷᠢᠨᠰᠢᠬᠦᠯᠬᠦ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ | ᠰᠢᠨ᠎ᠡ ᠡᠭᠦᠳᠦᠯᠲᠡ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠣᠯᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ | ᠰᠢᠨ᠎ᠡ ᠠᠬᠤᠢ ᠪᠠᠶᠢᠳᠠᠯ ᠢ ᠨᠡᠭᠡᠭᠡᠪᠡ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠦᠵᠡᠯ | ᠰᠠᠨᠠᠭ᠎ᠠ ᠴᠡᠪᠡᠷ ᠪᠤᠰᠤ᠂ ᠵᠣᠬᠢᠶᠠᠨ ᠪᠠᠶᠢᠭᠤᠯᠤᠯᠲᠠ ᠴᠡᠪᠡᠷ ᠪᠤᠰᠤ᠂ ᠰᠤᠷᠲᠠᠯ ᠴᠡᠪᠡᠷ ᠪᠤᠰᠤ ᠵᠡᠷᠭᠡ ᠲᠤᠪᠤᠶᠢᠮ᠎ᠠ ᠠᠰᠠᠭᠤᠳᠠᠯ | ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠮᠥᠨ ᠯᠡ | ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ ᠠᠰᠠᠭᠤᠳᠠᠯ ᠲᠠᠰᠤᠷᠠᠯᠳᠠ ᠦᠭᠡᠢ | ᠢᠯᠡᠷᠡᠨ ᠭᠠᠷᠴᠤ᠂ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾᠂ ︽ᠲᠦᠷᠪᠡᠨ ᠵᠦᠢᠯ ᠤᠨ ᠠᠶᠤᠯ | ᠲᠦᠭᠰᠢᠭᠦᠷᠢ︾ ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠡᠭᠦᠷᠢᠳᠡ ᠵᠤᠬᠰᠤᠰᠢ | ᠦᠭᠡᠢ ᠶᠤᠮ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ ᠰᠡᠷᠭᠡᠭ ᠪᠠ ᠡᠷᠡᠰ ᠵᠤᠷᠢᠭ ᠢᠶᠠᠨ | ᠡᠭᠦᠷᠢᠳᠡ ᠪᠠᠲᠤᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠪᠠᠷ ᠪᠦᠲᠦᠮᠵᠢᠲᠡᠢ ᠠᠷᠭ᠎ᠠ | ᠵᠠᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ | ᠳᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠭᠰᠠᠨ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ | ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ ᠮᠦᠨ᠂ ᠨᠠᠮ ᠤᠨ | ᠪᠠᠶᠢᠭᠤᠯᠤᠯᠲᠠ ᠶᠢᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ | ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠭᠢᠬᠦᠶ᠂ ᠰᠢᠨᠵᠢᠯᠡᠬᠦ ᠤᠬᠠᠭᠠᠨᠴᠢ | ᠠᠷᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ᠂ ᠳ᠋ᠦᠢᠰᠢᠶᠠᠩ ᠢ ᠪᠦᠬᠦᠨ ᠢ | ᠬᠠᠮᠤᠷᠬᠤ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ᠂ ᠳᠦᠷᠢᠮ ᠢ ᠪᠦᠷᠢᠨ ᠨᠡᠪᠲᠡᠷᠡᠭᠦᠯᠬᠦ ᠶᠢ ᠠᠬᠢᠭᠤᠯᠵᠤ᠂ ᠬᠦᠴᠦᠨ ᠵᠦᠢᠯ | ᠪᠦᠷᠢᠨ ᠭᠦᠢᠴᠡᠳ ᠪᠠᠶᠢᠬᠤ᠂ ᠴᠢᠳᠠᠪᠤᠷᠢ ᠲᠡᠭᠦᠯᠳᠡᠷ ᠪᠠᠶᠢᠬᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ ᠠᠵᠢᠯᠯᠠᠭᠠᠨ ᠨᠢ | ᠥᠨᠳᠥᠷ ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ | ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ | ᠪᠠᠶᠢᠷᠢᠯᠠᠭᠤᠯᠤᠯᠲᠠ ᠬᠢᠵᠡᠢ᠃ ᠨᠢᠭᠡ ᠳᠤ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ᠂ ᠬᠡᠷᠡᠭᠵᠢᠭᠦᠯᠬᠦ ᠳᠤ | ᠬᠦᠴᠦᠲᠡᠢ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠨᠠᠮ ᠤᠨ ᠤᠳᠤᠷᠢᠳᠤᠯᠭ᠎ᠠ᠂ ᠨᠠᠮ ᠢ | ᠬᠠᠮᠢᠶᠠᠷᠴᠤ ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠠᠮ ᠤᠨ ᠲᠥᠪ ᠤᠨ | ᠵᠣᠬᠢᠶᠠᠨ ᠪᠠᠶᠢᠭᠤᠯᠤᠯᠲᠠ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠴᠥᠮ ᠡᠷᠬᠡᠪᠰᠢ ᠡᠷᠡᠰ ᠴᠢᠩᠭ᠎ᠠ ᠬᠦᠴᠦᠲᠡᠢ ᠂ ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ᠃ | ᠭᠠᠭᠴᠠ ᠬᠦ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ᠂ ᠨᠠᠮ ᠤᠨ ᠡᠯ᠎ᠡ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠭᠦᠢᠴᠡᠳ ᠪᠠᠳᠠᠷᠠᠭᠤᠯᠪᠠᠯ ᠰᠠᠶ᠋ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ | ᠠᠬᠢᠭᠤᠯᠵᠤ ᠴᠢᠳᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠬᠤ ᠶᠢᠨ | ᠵᠠᠩᠭᠢᠯᠠᠭ᠎ᠠ ᠨᠢ ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠬᠤ ᠳᠤ ᠪᠤᠢ᠂ ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠪᠠᠶᠢᠳᠠᠭ᠃ ᠬᠤᠶᠠᠷ ᠲᠤ | ᠂ ᠤᠭ ᠦᠨᠳᠦᠰᠦ ᠶᠢ ᠨᠢ ᠪᠠᠬᠢᠵᠢᠭᠦᠯᠦᠨ ᠬᠦᠮᠦᠵᠢᠭᠦᠯᠬᠦ᠂ ᠰᠡᠳᠬᠢᠯ ᠨᠢᠬᠡᠳᠦᠨ ᠰᠦᠭ ᠰᠦᠨᠡᠰᠦ ᠶᠢ ᠱᠤᠭᠤᠬᠤ | ᠬᠥᠮᠦᠵᠢᠯ ᠤᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠵᠦ᠂ ᠦᠵᠡᠯ | ᠰᠠᠨᠠᠭᠠᠨ ᠤ ᠰᠠᠭᠤᠷᠢ ᠪᠠᠨ ᠪᠠᠲᠤᠳᠬᠠᠪᠠᠯ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ | ᠲᠤᠯᠭᠠᠭᠤᠷᠢᠯᠠᠯ ᠲᠠᠢ ᠪᠣᠯᠵᠤ ᠴᠢᠳᠠᠨ᠎ᠠ᠃ ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ | ᠰᠠᠶᠢᠲᠤᠷ ᠠᠳᠬᠤᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ᠂ | ᠨᠠᠮᠴᠢ ᠴᠢᠨᠠᠷ ᠤᠨ ᠬᠥᠮᠦᠵᠢᠯ ᠢ ᠤᠷᠳᠤ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ ᠂ ᠨᠠᠮ ᠤᠨ ᠭᠡᠰᠢᠭᠦᠨ᠂ | ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠ ᠳᠤ᠂ ᠤᠨᠢᠨ ᠳᠡᠭᠡᠷ᠎ᠡ ᠨᠢ | ᠬᠦᠴᠦᠯᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ᠂ ᠦᠨᠡᠨ ᠬᠦ | ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ ᠭᠤᠣᠯᠳᠠᠯᠭ᠎ᠠ ᠪᠣᠯᠭᠠᠵᠤ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ᠃ ᠨᠠᠮ ᠤᠨ | ᠪᠠᠶᠢᠳᠠᠯ ᠨᠠᠮ ᠤᠨ ᠰᠤᠷᠲᠠᠯ ᠤᠨ ᠰᠢᠨ᠎ᠡ ᠬᠠᠨᠳᠤᠰᠢ ᠶᠢ ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ᠂ | ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ᠂ ᠦᠨᠳᠦᠰᠦ ᠰᠤᠷᠪᠤᠯᠵᠢ ᠠᠴᠠ ᠨᠢ ᠵᠠᠰᠠᠵᠤ᠂ ᠦᠩᠭᠡᠨ ᠲᠠᠯ᠎ᠠ ᠶᠢ ᠨᠢ | ᠵᠠᠰᠠᠬᠤ ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ | ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠳᠥᠷᠪᠡ ᠳᠤ᠂ ᠰᠢᠨᠵᠢᠯᠡᠬᠦ | ᠤᠬᠠᠭᠠᠨᠴᠢ ᠪᠦᠷᠢᠨ ᠲᠦᠬᠦᠷ᠂ ᠪᠦᠲᠦᠮᠵᠢᠲᠡᠶ ᠬᠡᠷᠡᠭᠴᠡᠭᠡᠲᠡᠢ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ᠃ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ ᠴᠢᠨᠠᠷ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ | ᠪᠣᠯᠬᠤᠷ ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ᠃ | ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠬᠡᠷᠡᠭᠴᠡᠭᠡ ᠲᠠᠢ ᠵᠣᠬᠢᠴᠠᠭᠤᠯᠵᠤ᠂ ᠨᠠᠮ ᠤᠨ ᠡᠯ᠎ᠡ | ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ᠂ ᠳᠦᠷᠢᠮ ᠤᠨ ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ | ᠬᠡᠷᠡᠭᠲᠡᠢ᠃ ᠡᠭᠦᠨ ᠤ ᠬᠠᠮᠳᠦ᠂ ᠳᠦᠷᠢᠮ ᠨᠢ ᠬᠡᠲᠦᠷᠬᠡᠢ ᠶᠠᠷᠰᠢᠭ ᠲᠦᠪᠡᠭ ᠲᠠᠢ ᠪᠣᠯᠵᠤ᠂ ︽ᠳᠦᠷᠢᠮ ᠤᠨ ᠤᠨᠠᠭᠤᠯᠢ︾ | ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ᠃ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ | ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ᠃ ᠲᠠᠪᠤ ᠳᠤ᠂ ᠭᠤᠤᠯ ᠴᠣᠭᠴᠠ ᠲᠣᠳᠣᠷᠬᠠᠢ᠂ ᠱᠠᠭᠠᠷᠳᠠᠯᠭ᠎ᠠ | ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ | ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠡᠷᠬᠡᠪᠰᠢ ᠲᠡᠰ ᠳᠠᠪᠬᠤᠷᠭ᠎ᠠ ᠲᠦᠷᠦᠯ ᠬᠤᠪᠢᠶᠠᠨ | ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠤᠯᠠᠨ | ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠠᠬᠢᠭᠤᠯᠬᠤ ᠬᠡᠷᠡᠭᠲᠡᠢ᠃ | ᠵᠣᠬᠢᠶᠠᠯ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ ᠲᠣᠪᠴᠢᠶ᠎ᠡ ᠶᠢᠨ | ᠨᠥᠬᠦᠳ ᠰᠠᠶᠢᠲᠤᠷ ᠳᠠᠭᠠᠭᠤᠯᠵᠤ᠂ ᠦᠯᠢᠭᠡᠷ ᠳᠠᠭᠤᠷᠢᠶᠠᠯ ᠪᠣᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ᠂ ᠪᠦᠬᠦ ᠨᠠᠮ ᠢ ᠪᠦᠯᠬᠦᠮᠳᠡᠭᠦᠯᠦᠨ | ᠳᠠᠭᠠᠭᠤᠯᠵᠤ ᠨᠠᠮ ᠢ ᠰᠠᠶᠢᠲᠤᠷ ᠵᠠᠰᠠᠵᠤ᠂ ᠬᠦᠴᠦᠷᠬᠡᠭᠵᠢᠭᠦᠯᠦᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |