ᠭᠦᠸᠧ ᠲᠢᠶᠠᠨ ᠪᠦᠦ ᠤᠰᠤ ᠲᠠᠲᠠᠷᠠᠭᠤᠯᠵᠤ ᠤᠰᠤᠲᠤᠯ ᠢ ᠵᠠᠯᠠᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠤᠷᠢᠳ ᠬᠤᠵᠢᠳ ᠭᠠᠨᠵᠤᠭ᠎ᠠ ᠪᠠᠯᠭᠠᠰᠤᠨ ᠳᠤ ᠬᠦᠷᠴᠦ᠂ ᠯᠠᠶᠢᠰᠠᠨᠳᠠᠢ ᠬᠠᠭ᠂ ᠬᠤᠳᠠᠨᠳᠠᠯ᠎ᠠ ᠭᠠᠴᠠᠭᠠᠨ ᠤ ᠭᠠᠨᠵᠤᠭ᠎ᠠ ᠠᠴᠠ ᠲᠢᠶᠧ ᠨᠢᠦ ᠬᠦᠷᠬᠦ ᠤᠰᠤ ᠵᠠᠯᠠᠬᠤ ᠭᠤᠣᠯ ᠰᠤᠪᠠᠭ ᠤᠨ ᠡᠬᠢᠯᠡᠯᠲᠡ ᠶᠢᠨ ᠴᠡᠭ ᠵᠡᠷᠭᠡ ᠭᠠᠵᠠᠷ ᠲᠤ ᠬᠦᠷᠴᠦ᠂ ᠠᠮᠠᠷᠬᠠᠨ ᠤᠰᠤᠲᠤᠳᠠᠭ ᠤᠰᠤᠨ ᠤ ᠴᠡᠭ ᠪᠠ ᠣᠶᠢᠷ᠎ᠠ ᠬᠠᠪᠢ ᠶᠢᠨ ᠤᠰᠤ ᠲᠠᠲᠠᠷᠠᠭᠤᠯᠬᠤ ᠲᠥᠬᠦᠭᠡᠷᠦᠮᠵᠢ᠂ ᠤᠰᠤ ᠲᠠᠲᠠᠷᠠᠭᠤᠯᠬᠤ ᠣᠷᠴᠢᠨ ᠲᠣᠭᠤᠷᠢᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠮᠠᠷᠬᠠᠨ ᠤᠰᠤᠲᠤᠳᠠᠭ ᠭᠠᠵᠠᠷ ᠤᠨ ᠰᠢᠯᠲᠠᠭᠠᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠴᠡᠭᠴᠡᠯᠡᠨ ᠵᠠᠰᠠᠬᠤ ᠠᠬᠢᠴᠠ ᠶᠢ ᠨᠠᠷᠢᠨ ᠣᠶᠢᠯᠠᠭᠠᠪᠠ ᠃ ᠬᠤᠰᠢᠭᠤᠨ ᠤ ᠤᠳᠤᠷᠢᠳᠤᠯᠭ᠎ᠠ ᠸᠧᠨ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠵᠠᠶ᠃
 郭天宝实地调研排水排涝工作.jpg 
   ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠤᠰᠤ ᠲᠠᠲᠠᠷᠠᠭᠤᠯᠵᠤ ᠤᠰᠤᠲᠤᠯ ᠢ ᠵᠠᠯᠠᠬᠤ ᠠᠵᠢᠯ ᠨᠢ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠰᠢᠭᠤᠳ ᠬᠤᠯᠪᠣᠭᠳᠠᠵᠤ ᠪᠠᠶᠢᠳᠠᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠰᠤ ᠲᠠᠲᠠᠷᠠᠭᠤᠯᠬᠤ ᠲᠥᠰᠦᠯ ᠢᠶᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠰᠤ ᠲᠠᠲᠠᠷᠠᠭᠤᠯᠬᠤ ᠢᠨᠵᠧᠨᠧᠷᠢᠩ ᠤᠨ ᠪᠠᠷᠢᠯᠭ᠎ᠠ ᠶᠢᠨ ᠠᠬᠢᠴᠠ ᠪᠠᠨ ᠲᠦᠷᠭᠡᠳᠬᠡᠵᠦ᠂ ᠲᠥᠬᠦᠭᠡᠷᠦᠮᠵᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠤᠰᠤ ᠲᠠᠲᠠᠷᠠᠭᠤᠯᠬᠤ ᠰᠢᠰᠲ᠋ᠧᠮ ᠤᠨ ᠥᠨᠳᠥᠷ ᠪᠦᠲᠦᠮᠵᠢᠲᠡᠢ ᠠᠵᠢᠯᠯᠠᠬᠤ ᠶᠢ ᠪᠠᠲᠤᠯᠠᠵᠤ᠂ ᠬᠤᠷᠠᠮᠠᠯ ᠤᠰᠤ ᠶᠢ ᠲᠣᠰᠬᠤᠨ ᠳᠤ ᠣᠷᠣᠭᠤᠯᠬᠤ ᠦᠭᠡᠢ ᠬᠤᠳᠠ ᠳᠤ ᠤᠷᠤᠭᠤᠯᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠠᠮᠤᠷ ᠲᠦᠪᠰᠢᠨ ᠪᠣᠯᠤᠨ ᠶᠠᠪᠤᠵᠤ ᠰᠠᠭᠤᠬᠤ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ᠃ ᠬᠠᠮᠢᠶ᠎ᠠ ᠪᠦᠬᠦᠢ ᠪᠠᠯᠭᠠᠰᠤ ᠲᠣᠰᠬᠤᠨ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠰᠤ ᠲᠠᠲᠠᠷᠠᠭᠤᠯᠬᠤ ᠬᠠᠷᠰᠢ ᠰᠠᠭᠠᠳ ᠢ ᠴᠠᠭ ᠲᠤᠬᠠᠶ ᠳᠤᠨᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠵᠦ᠂ ᠭᠡᠨᠡᠳᠲᠡ ᠶᠢᠨ ᠪᠠᠶᠢᠳᠠᠯ ᠢ ᠠᠷᠭᠠᠴᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号