2 ᠰᠠᠷ᠎ᠠ ᠶᠢᠨ 21 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠤᠰᠬᠠᠶ ᠰᠡᠳᠦᠪᠲᠦ | ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠵᠢᠯ ᠢ ᠭᠦᠨᠵᠡᠭᠡᠶ ᠰᠤᠳᠤᠯᠵᠤ᠂ ᠣᠳᠣᠬᠠᠨ ᠳᠤ ᠣᠷᠣᠰᠢᠵᠤ ᠪᠠᠶᠢᠭ᠎ᠠ | ᠠᠰᠠᠭᠤᠳᠠᠯ ᠢ ᠨᠢᠭᠡᠳ ᠨᠢᠭᠡ ᠪᠠᠷ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠪᠥᠬᠦ ᠲᠠᠯ᠎ᠠ ᠪᠠᠷ | ᠪᠠᠶᠢᠷᠢᠯᠠᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠵᠢᠴᠢ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | | ᠬᠤᠷᠠᠯ ᠠᠴᠠ ᠵᠢᠭᠠᠵᠤ ᠭᠠᠷᠭᠠᠭᠰᠠᠨ ᠨᠢ᠂ ᠵᠢᠯ ᠤᠨ ᠡᠬᠢᠨ ᠪᠣᠯ ᠪᠦᠬᠦ ᠵᠢᠯ ᠤᠨ ᠠᠵᠢᠯ ᠤᠨ ᠡᠬᠢᠯᠡᠯᠲᠡ ᠶᠢᠨ | ᠱᠠᠲᠤ ᠦᠶ᠎ᠡ ᠪᠣᠯᠤᠨ᠎ᠠ᠂ ᠪᠦᠬᠦ ᠵᠢᠯ ᠤᠨ ᠪᠣᠭᠤᠮᠲᠠ ᠰᠢᠪᠲᠤᠯᠬᠤ ᠴᠠᠭ ᠬᠤᠭᠤᠴᠠᠭ᠎ᠠ ᠪᠣᠯᠬᠤ ᠪᠠᠷ ᠪᠠᠷᠠᠬᠤ ᠦᠭᠡᠢ᠂ | ᠨᠡᠩ ᠴᠤ ᠰᠢᠨ᠎ᠡ ᠪᠠᠶᠢᠳᠠᠯ ᠢ ᠲᠥᠯᠥᠪᠵᠢᠭᠦᠯᠬᠦ ᠵᠠᠩᠭᠢᠯᠠᠭ᠎ᠠ ᠶᠢᠨ ᠴᠡᠭ ᠪᠣᠯᠤᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠢᠨ ᠦᠵᠡᠯ ᠰᠠᠨᠠᠭ᠎ᠠ ᠪᠠᠨ ᠦᠨᠡᠨᠬᠦ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠲᠦᠷᠦᠯ ᠵᠦᠢᠯ ᠤᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠡᠯ᠎ᠡ ᠵᠦᠢᠯ ᠤᠨ ᠠᠵᠢᠯ ᠤᠨ | ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠲᠦᠷᠦᠯ ᠵᠦᠢᠯ ᠢ | ᠠᠬᠢᠭᠤᠯᠬᠤ ᠲᠠᠯ᠎ᠠ ᠪᠠᠷ᠂ ᠲᠤᠰᠬᠠᠢ ᠬᠥᠮᠦᠨ ᠲᠤᠬᠢᠷᠠᠭᠤᠯᠤᠨ ᠠᠩᠬᠠᠷᠴᠤ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ | ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ ᠴᠠᠭ ᠤᠨ ᠦᠷ᠎ᠡ | ᠠᠰᠢᠭ ᠢ ᠬᠠᠮᠤᠭ ᠤᠨ ᠶᠡᠭᠡ ᠪᠣᠯᠭᠠᠬᠤ ᠶᠢ ᠪᠠᠲᠤᠯᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠠᠵᠤ ᠠᠬᠤᠶᠢᠯᠠᠯ ᠳᠤ ᠪᠦᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ | ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠲᠦᠷᠦᠯ | ᠵᠦᠢᠯ ᠤᠨ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ ᠶᠢ ᠪᠠᠲᠤᠯᠠᠬᠤ ᠬᠡᠷᠡᠭᠲᠡᠢ᠃ ᠠᠵᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ | ᠳᠠᠷᠤᠭ᠎ᠠ ᠲᠦᠷᠦᠭᠦᠯᠡᠨ ᠬᠠᠷᠢᠭᠤᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠤᠯᠳᠠᠯᠭ᠎ᠠ ᠲᠠᠢ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠲᠥᠷᠥᠯ | ᠵᠦᠢᠯ ᠢ ᠠᠬᠢᠭᠤᠯᠬᠤ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ | ᠬᠥᠭᠵᠢᠭᠦᠯᠦᠯᠲᠡ ᠥᠭᠡᠷᠡᠴᠢᠯᠡᠯᠲᠡ ᠪᠣᠯᠤᠨ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠳ ᠬᠤᠯᠪᠣᠭᠠᠯᠠᠨ | ᠬᠥᠳᠡᠯᠦᠯᠴᠡᠬᠦ ᠪᠠᠨ ᠴᠢᠩᠭᠠᠳᠬᠠᠵᠤ᠂ ᠠᠵᠤ ᠠᠬᠤᠶ ᠶᠢᠨ ᠠᠵᠢᠯᠯᠠᠭᠠᠨ ᠬᠢᠭᠡᠳ ᠲᠥᠷᠥᠯ ᠵᠦᠢᠯ ᠤᠨ | ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠲᠥᠷᠥᠯ ᠵᠦᠢᠯ ᠤᠨ ᠲᠤᠭ᠎ᠠ ᠪᠠᠷᠢᠮᠲᠠ ᠶᠢ | ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠬᠡᠬᠦ ᠶᠢ ᠦᠨᠡᠨᠬᠦ ᠪᠠᠲᠤᠯᠠᠵᠤ᠂ ᠭᠠᠵᠠᠷ ᠣᠷᠣᠨ ᠤ ᠠᠵᠤ | ᠠᠬᠤᠶ ᠶᠢᠨ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠲᠤᠰᠬᠠᠬᠤ ᠬᠡᠷᠡᠭᠲᠡᠶ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ | ᠤᠳᠠᠭ᠎ᠠ ᠶᠢᠨ ᠲᠤᠬᠢᠷᠠᠭᠤᠯᠤᠯᠳᠠ ᠶᠢᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠬᠠᠮᠲᠤ ᠶᠢᠨ ᠲᠠᠨᠢᠯᠲᠠ ᠪᠠᠨ | ᠨᠢᠭᠲᠠᠷᠠᠭᠤᠯᠵᠤ᠂ ᠡᠭᠦᠷᠭᠡᠯᠡᠯ ᠢᠶᠠᠨ ᠴᠢᠩᠭᠠᠳᠬᠠᠵᠤ᠂ ᠡᠷᠡᠰ ᠪᠠᠲᠤ ᠵᠣᠷᠢᠭ᠂ ᠪᠣᠳᠠᠲᠠᠢ ᠶᠢ ᠡᠷᠬᠢᠮᠯᠡᠬᠦ ᠰᠤᠷᠲᠠᠯ | ᠪᠣᠯᠤᠨ ᠬᠦᠴᠦᠲᠡᠢ ᠠᠷᠭ᠎ᠠ ᠬᠡᠮᠵᠢᠶ᠎ᠡ ᠪᠠᠷ ᠭᠤᠣᠯᠳᠠᠯᠭ᠎ᠠ ᠲᠠᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ | ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠥᠬᠦ ᠬᠥᠮᠦᠰ ᠴᠤᠭ ᠪᠠᠳᠠᠷᠠᠩᠭᠤᠶ ᠲᠡᠮᠡᠴᠡᠯ ᠤᠨ ᠵᠣᠷᠢᠭ | ᠰᠠᠨᠠᠭ᠎ᠠ ᠪᠠ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ ᠪᠠᠷ 2025 ᠣᠨ ᠤ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠰᠢᠨ᠎ᠡ ᠠᠶᠠᠨ ᠢ ᠪᠥᠬᠦ ᠬᠦᠴᠦᠨ ᠢᠶᠠᠷ ᠢᠶᠠᠨ ᠡᠬᠢᠯᠡᠭᠦᠯᠵᠦ᠂ ᠪᠥᠬᠦ ᠬᠤᠰᠢᠭᠤᠨ ᠤ ᠴᠢᠨᠠᠷ | ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠰᠢᠯᠢᠳᠡᠭ ᠬᠢᠷᠢ ᠪᠦᠲᠦᠮᠵᠢ ᠪᠠᠷ | ᠨᠠᠮ ᠪᠠ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠶ ᠭᠡᠵᠡᠢ᠃ | | |