ᠭᠠᠨᠵᠤᠭ᠎ᠠ  ᠪᠠᠯᠭᠠᠰᠤ ᠥᠨᠳᠥᠷ ᠪᠠᠷᠢᠮᠵᠢᠶᠠᠲᠤ ᠲᠠᠷᠢᠶ᠎ᠠ ᠶᠢ ᠪᠦᠳᠦᠭᠡᠨ ᠪᠠᠶᠢᠭᠤᠯᠵᠥ᠂ ︽ᠠᠮᠤ ᠪᠤᠳᠠᠭ᠎ᠠ︾ ᠪᠠᠷ ᠰᠠᠭᠤᠷᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ  ᠵᠢᠷᠤᠬᠯᠠᠵᠥ ᠪᠠᠶᠢᠨ᠎ᠠ
ᠨᠡᠶᠢᠲᠡᠯᠡᠭᠰᠡᠨ ᠴᠠᠭ᠄
2025/2/24
    ᠠᠮᠤ   ᠪᠤᠳᠠᠭᠠᠨ      ᠤ ᠠᠮᠤᠷ ᠲᠦᠪᠰᠢᠨ ᠪᠣᠯ ︽ᠤᠯᠤᠰ ᠤᠨ ᠶᠡᠭᠡ ᠶᠠᠪᠤᠳᠠᠯ ᠮᠥᠨ︾᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠷᠪᠠᠨ ᠨᠠᠢᠮᠠᠨ ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠳᠤᠮᠳᠠᠳᠤ ᠶᠢᠨ ᠬᠥᠮᠦᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠪᠠᠲᠤᠯᠠᠬᠤ ᠬᠡᠷᠡᠭᠲᠡᠢ︾ ᠭᠡᠵᠦ ᠴᠢᠬᠤᠯᠠᠴᠢᠯᠠᠪᠠ᠃    ᠣᠶᠢᠷ᠎ᠠ ᠶᠢᠨ ᠵᠢᠯ ᠠᠴᠠ ᠨᠠᠰᠢ᠂ ᠭᠠᠨᠵᠤᠭ᠎ᠠ ᠪᠠᠯᠭᠠᠰᠤ ︽ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠲᠤᠤᠱᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠪᠠᠶᠢᠭᠤᠯᠤᠯᠳᠠ ᠰᠠᠶᠢᠨ᠂ ᠭᠡᠷᠡᠭᠯᠡᠯᠳᠡ ᠰᠠᠶᠢᠨ᠂ ᠦᠷ᠎ᠡ ᠠᠰᠢᠭ ᠰᠠᠶᠢᠨ᠂ ᠠᠯᠤᠰ ᠬᠡᠲᠦ ᠶᠢᠨ ᠬᠠᠮᠢᠶᠠᠷᠤᠯᠳᠠ ᠶᠢ ᠦᠨᠡᠨ ᠬᠦ ᠪᠠᠲᠤᠯᠠᠵᠤ᠂ ᠪᠠᠭ᠎ᠠ ᠲᠠᠷᠢᠶᠠᠨ ᠭᠠᠵᠠᠷ ᠢ ᠲᠣᠮᠣ ᠲᠠᠷᠢᠶᠠᠨ ᠭᠠᠵᠠᠷ᠂  ᠮᠠᠭᠤ ᠲᠠᠷᠢᠶᠠᠨ ᠭᠠᠵᠠᠷ ᠢ ᠰᠠᠶᠢᠨ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠶᠢ ᠲᠠᠰᠤᠷᠠᠯᠲᠠ ᠥᠬᠡᠶ  ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠪᠠ ᠭᠠᠷᠤᠯᠲᠠ ᠶᠢᠨ ᠬᠢᠷᠢ ᠲᠦᠪᠰᠢᠨ ᠢ  ᠲᠡᠭᠡᠭᠰᠢᠯᠡᠬᠦᠯᠪᠡ᠃    ᠭᠠᠨᠵᠤᠭ᠎ᠠ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠬᠤᠢ ᠲᠠᠯᠠᠪᠠᠢ ᠳᠤ᠂  ᠡᠯ᠎ᠡ ᠲᠦᠷᠦᠯ ᠤᠨ ᠲᠠᠷᠢᠶᠠᠯᠠᠨᠩ ᠤᠨ ᠮᠠᠰᠢᠨ ᠡᠷᠬᠢᠯᠳᠦᠨ ᠠᠵᠢᠯᠯᠠᠵᠥ  ᠂ ᠲᠤᠮᠤ ᠬᠡᠯᠪᠡᠷᠢ ᠶᠢᠨ ᠮᠠᠯᠲᠠᠭᠤᠷ ᠮᠠᠰᠢᠨ᠂ ᠥᠷᠥᠮᠳᠡᠭᠦᠷ ᠮᠠᠰᠢᠨ ᠵᠡᠷᠭᠡ ᠲᠥᠬᠦᠭᠡᠷᠦᠮᠵᠢ ᠨᠢ ᠬᠤᠪᠢ ᠬᠤᠪᠢᠨ ᠤ ᠠᠵᠢᠯ ᠢᠶᠠᠨ  ᠡᠬᠢᠯᠡᠭᠦᠯᠵᠦ᠂ ᠰᠢᠷᠣᠢ ᠬᠠᠭᠠᠯᠬᠤ᠂ ᠰᠢᠷᠣᠢ ᠲᠡᠭᠡᠭᠡᠪᠦᠷᠢᠯᠡᠬᠦ᠂  ᠰᠢᠷᠣᠢ ᠲᠦᠯᠬᠢᠬᠦ ᠂ ᠰᠢᠷᠣᠢ  ᠲᠡᠭᠰᠢᠯᠡᠬᠦ ᠪᠠ ᠬᠤᠳᠳᠤᠭ ᠮᠠᠯᠲᠠᠬᠤ ᠵᠡᠷᠭᠡ ᠠᠵᠢᠯ ᠢ ᠬᠢᠵᠦ᠂ ᠡᠮᠬᠢ ᠳᠢᠭᠯᠢᠮ ᠲᠠᠢ ᠶᠠᠭᠠᠷᠠᠯᠲᠠᠢ ᠪᠠᠶᠢᠳᠠᠯ ᠢᠯᠡᠷᠡᠪᠡ᠃    ᠲᠠᠪᠤᠨᠬᠦᠦ ᠭᠠᠴᠠᠭᠠᠨ ᠤ ᠱᠦᠵᠢ ᠪᠦᠦ ᠢᠦᠶ ᠯᠢᠨ᠄ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠨᠢ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠪᠴᠢᠶᠡᠵᠢᠭᠰᠡᠨ ᠡᠵᠡᠩᠨᠡᠯᠲᠡ ᠪᠠ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠢ ᠨᠠᠩ ᠥᠨᠳᠥᠷ ᠪᠦᠲᠦᠮᠵᠢᠲᠡᠶ᠂ ᠲᠠᠷᠢᠶᠠᠴᠢᠳ ᠤᠨ ᠠᠮᠢᠳᠤᠷᠠᠯ ᠢ ᠨᠠᠩ ᠪᠠᠶᠠᠨ ᠴᠢᠨᠡᠭᠡᠯᠢᠭ ᠪᠣᠯᠭᠠᠨ᠎ᠠ︾ ᠭᠡᠵᠡᠶ᠃    ᠲᠠᠷᠠᠬᠠᠶ ᠪᠤᠲᠠᠷᠬᠠᠶ ᠵᠢᠵᠢᠭ ᠬᠡᠰᠡᠭ ᠲᠠᠷᠢᠶᠠᠨ ᠭᠠᠵᠠᠷ ᠢ ᠵᠠᠯᠭᠠᠯᠳᠤᠭᠰᠠᠨ ᠲᠣᠮᠣ ᠲᠠᠷᠢᠶᠠᠨ ᠭᠠᠵᠠᠷ ᠪᠣᠯᠭᠠᠨ ᠨᠡᠶᠢᠯᠡᠭᠦᠯᠵᠦ᠂ ᠬᠡᠪᠴᠢᠶᠡᠵᠢᠭᠦᠯᠦᠨ ᠡᠵᠡᠩᠨᠡᠬᠦ ᠶᠢ ᠪᠡᠶᠡᠯᠡᠭᠦᠯᠪᠡ︔ ︽ᠨᠢᠭᠡᠳᠦᠯᠲᠡᠶ ᠲᠠᠷᠢᠵᠤ ᠬᠤᠷᠢᠶᠠᠬᠤ᠂ ᠨᠢᠭᠡᠳᠦᠯᠲᠡᠶ ᠬᠠᠮᠠᠭᠠᠯᠠᠬᠤ᠂ ᠨᠢᠭᠡᠳᠦᠯᠲᠡᠶ ᠡᠵᠡᠩᠨᠡᠬᠦ︾ ᠵᠠᠭᠪᠤᠷ ᠨᠢ ᠲᠠᠷᠢᠶᠠᠯᠠᠩ ᠤᠨ ᠦᠢᠯᠡᠳᠪᠦᠷᠢᠯᠡᠯ ᠤᠨ ᠶᠠᠪᠤᠴᠠ ᠶᠢ ᠳᠥᠭᠦᠮᠴᠢᠯᠡᠵᠦ᠂ ᠲᠠᠷᠢᠶᠠᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ︔ ᠰᠢᠯᠢᠳᠡᠭ ᠡᠭᠦᠯᠳᠡᠷ ᠪᠠ ᠲᠡᠷᠢᠭᠦᠨ ᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠲᠡᠭᠡᠭᠰᠢᠯᠡᠬᠦᠯᠪᠡ ᠃    ᠣᠶᠢᠯᠠᠭᠠᠭᠰᠠᠨ ᠢᠶᠠᠷ᠂ 2025 ᠤᠨ ᠳᠤ ᠭᠠᠨᠵᠤᠭ᠎ᠠ ᠪᠠᠯᠭᠠᠰᠤ ᠶᠢᠨ  ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠨᠢ 11 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠢ 4.7262 ᠲᠦᠮᠡᠨ ᠮᠥ ᠳᠤ  ᠭᠡᠷᠡᠭᠵᠢᠬᠦᠯᠬᠦ ᠪᠠᠷ ᠲᠥᠯᠥᠪᠯᠡᠵᠦ᠂ 2000 ᠭᠠᠷᠤᠶ ᠬᠥᠮᠦᠨ ᠳᠤ ᠠᠰᠢᠭ ᠬᠦᠷᠳᠡᠭᠡᠨ ᠂ ︽ᠲᠠᠷᠢᠶ᠎ᠠ᠂ ᠰᠢᠷᠣᠶ᠂ ᠤᠰᠤ᠂ ᠵᠠᠮ᠂ ᠣᠶ᠂ ᠴᠠᠬᠢᠯᠭᠠᠨ᠂ ᠮᠡᠷᠭᠡᠵᠢᠯ᠂ ᠬᠠᠮᠢᠶᠠᠷᠤᠯᠲᠠ︾ ᠵᠡᠷᠭᠡ ᠨᠠᠢᠮᠠᠨ ᠲᠠᠯ᠎ᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠤᠰᠤᠨ ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠢᠵᠢ ᠪᠥᠷᠢᠳᠦᠭᠦᠯᠬᠦ ᠪᠠᠷ ᠳᠠᠮᠵᠢᠭᠤᠯᠤᠨ᠂ ︽ᠲᠠᠷᠢᠶ᠎ᠠ ᠶᠢ  ᠲᠦᠷᠪᠡᠯᠵᠢᠬᠦᠯᠵᠥ᠂ ᠰᠤᠪᠠᠭ ᠢ ᠬᠤᠯᠪᠣᠯᠳᠤᠭᠤᠯᠵᠤ᠂ ᠵᠠᠮ ᠢ ᠨᠡᠪᠲᠡᠷᠡᠯᠴᠡᠭᠦᠯᠵᠦ᠂  ᠭᠠᠩᠳᠠᠪᠠᠯ ᠤᠰᠤᠯᠠᠵᠥ᠂ ᠤᠰᠤᠳᠤᠪᠠᠯ ᠭᠠᠷᠭᠠᠬᠤ︾ ᠬᠠᠷᠠᠯᠳᠠ ᠶᠢ ᠪᠡᠶᠡᠯᠡᠬᠦᠯᠵᠥ᠂ ᠦᠨᠳᠦᠷ ᠤᠨᠠᠯᠳᠠ ᠳᠤ ᠲᠡᠮᠵᠢᠵᠥ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠢᠶᠠᠴᠢᠳ ᠤᠨ  ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠬᠦᠴᠦᠨ  ᠨᠡᠮᠡᠷᠢᠯᠡᠬᠦ ᠪᠤᠯᠤᠨ᠎ᠠ ᠃    2025 ᠣᠨ ᠳᠤ᠂ ᠭᠠᠨᠵᠤᠭ᠎ᠠ ᠪᠠᠯᠭᠠᠰᠤ᠂ ᠲᠠᠷᠢᠶᠠᠨ ᠭᠠᠵᠠᠷ ᠢ ᠬᠠᠮᠠᠭᠠᠯᠠᠬᠤ᠂ ᠬᠦᠷᠦᠰᠦ ᠶᠢ ᠰᠢᠮᠡᠵᠢᠬᠦᠯᠬᠦ  ᠪᠠ ᠥᠨᠳᠥᠷ ᠪᠦᠲᠦᠮᠵᠢᠲᠡᠶ ᠤᠰᠤᠯᠠᠯᠲᠠ ᠳᠤ ᠬᠦᠴᠦᠯᠡᠵᠥ ᠂ ᠭᠠᠵᠠᠷ ᠰᠢᠷᠣᠶ ᠶᠢ ᠲᠡᠭᠰᠢᠯᠡᠬᠦ᠂  ᠤᠰᠤ ᠲᠠᠲᠠᠷᠠᠭᠤᠯᠬᠤ ᠪᠠᠷᠢᠯᠭ᠎ᠠ ᠪᠠᠷᠢᠬᠤ᠂ ᠲᠠᠷᠢᠶᠠᠨ  ᠲᠤᠮᠳᠠᠬᠢ ᠵᠠᠮ ᠲᠡᠪᠢᠰᠬᠦ  ᠵᠡᠷᠭᠡ ᠪᠠᠷ ᠳᠠᠮᠵᠢᠭᠤᠯᠤᠨ᠂ ᠭᠠᠵᠠᠷ ᠰᠢᠷᠣᠶ ᠶᠢᠨ ︽ᠳᠠᠯᠳᠠ ᠬᠦᠴᠦᠨ︾ ᠢ ᠬᠦᠢᠴᠡᠳ ᠠᠭᠤᠳᠠᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠪᠣᠭᠤᠮᠲᠠ᠂ ᠬᠢᠨᠠᠯᠲᠠ ᠲᠠᠯᠪᠢᠬᠤ ᠪᠣᠭᠤᠮᠲᠠ ᠶᠢ ᠴᠢᠩᠭ᠎ᠠ ᠠᠳᠬᠤᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号