2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠯᠧᠢ ᠯᠢ | ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠠᠬ᠎ᠠ ᠳᠡᠯᠭᠡᠭᠦᠷ ᠤᠨ ᠶᠡᠷᠦᠩᠬᠡᠢ | ᠬᠢᠨᠠᠭᠴᠢ ᠬᠣ᠋ ᠬᠤᠩ ᠵᠢᠶᠦ᠋ᠨ ᠨᠡᠷ ᠲᠠᠢ ᠵᠣᠯᠭᠠᠭᠤᠯᠤᠨ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ | ᠬᠤᠰᠢᠭᠤᠨ ᠤ ᠤᠳᠤᠷᠢᠳᠤᠯᠭ᠎ᠠ ᠸᠧᠨ ᠮᠢᠩ᠂ ᠢᠦᠢ ᠰᠢᠶᠣᠤ ᠹᠧᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠣᠷᠣᠯᠴᠠᠵᠠᠢ᠃ | | ᠭᠦᠸᠧ ᠲᠢᠶᠠᠨ ᠪᠦᠦ ᠬᠣ᠋ ᠬᠤᠩ ᠵᠢᠶᠦ᠋ᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ | ᠢᠯᠡᠳᠬᠡᠪᠡ᠃ ᠲᠡᠷᠡ ᠬᠡᠯᠡᠭᠰᠡᠨ ᠨᠢ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠥᠪᠡᠷᠮᠢᠴᠡ ᠳᠠᠪᠠᠭᠤᠯᠢᠭ | ᠰᠠᠯᠬᠢ ᠭᠡᠷᠡᠯ ᠤᠨ ᠡᠬᠢ ᠪᠠᠶᠠᠯᠢᠭ᠂ ᠠᠵᠤ ᠦᠢᠯᠡᠰ ᠤᠨ ᠰᠠᠭᠤᠷᠢ ᠪᠠ ᠣᠷᠣᠨ ᠪᠠᠶᠢᠷᠢ ᠶᠢᠨ ᠳᠠᠪᠠᠭᠤᠯᠢᠭ ᠲᠠᠢ ᠶᠤᠮ᠃ | ᠯᠧᠢ ᠯᠢ ᠰᠢᠨ᠎ᠡ ᠡᠨᠧᠷᠭᠢ ᠶᠢᠨ ᠰᠢᠨᠵᠢᠯᠡᠬᠦ ᠮᠡᠷᠭᠡᠵᠢᠯ ᠤᠨ ᠲᠤᠬᠠᠶᠢᠯᠠᠭᠰᠠᠨ ᠠᠵᠢᠯ ᠤᠨ ᠬᠡᠰᠡᠭ ᠬᠢᠭᠡᠳ ᠬᠤᠷᠴᠢᠨ | ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠨᠢ ᠳᠡᠭᠡᠳᠦ ᠬᠡᠮᠵᠢᠶ᠎ᠡ ᠪᠠᠷ | ᠨᠡᠶᠢᠴᠡᠵᠦ᠂ ᠭᠦᠨᠵᠡᠭᠡᠢ ᠬᠠᠮᠲᠤᠷᠠᠯᠴᠠᠬᠤ ᠰᠠᠶᠢᠨ ᠰᠠᠶᠢᠬᠠᠨ ᠨᠥᠬᠦᠴᠡᠯ ᠪᠠ ᠥᠷᠭᠡᠨ ᠠᠭᠤᠳᠠᠮ ᠣᠷᠣᠨ ᠵᠠᠢ ᠲᠠᠢ | ᠪᠠᠶᠢᠵᠤ᠂ ᠬᠤᠶᠠᠷ ᠲᠠᠯ᠎ᠠ ᠪᠠᠷ ᠢᠶᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠯᠴᠠᠨ | ᠠᠰᠢᠭ ᠣᠯᠭᠤᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠤᠷᠴᠢᠨ ᠵᠡᠭᠦᠨ | ᠭᠠᠷᠤᠨ ᠬᠤᠶᠢᠲᠤ ᠬᠤᠰᠢᠭᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ | ᠠᠬᠤᠶᠢᠯᠠᠯ ᠤᠨ ᠬᠤᠶᠢᠲᠤ ᠬᠤᠰᠢᠭᠤᠨ ᠳᠤ ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ ᠭᠡᠵᠡᠢ᠃ | ᠬᠣ᠋ ᠬᠤᠩ ᠵᠢᠶᠦ᠋ᠨ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠬᠦᠷᠢᠶ᠎ᠡ᠂ ᠭᠤᠣᠯ ᠮᠡᠷᠭᠡᠵᠢᠯ | ᠵᠢᠴᠢ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠨᠤᠳᠤᠭᠰᠢᠬᠤ ᠰᠠᠶᠢᠨ ᠰᠠᠶᠢᠬᠠᠨ ᠬᠦᠰᠡᠯ | ᠡᠷᠡᠮᠡᠯᠵᠡᠯ ᠢᠶᠠᠨ ᠲᠠᠨᠢᠯᠴᠠᠭᠤᠯᠪᠠ᠃ ᠲᠡᠷᠡ᠂ ᠣᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ | ᠲᠥᠷᠥᠯ ᠵᠦᠢᠯ ᠢ ᠬᠠᠮᠲᠤᠪᠠᠷ ᠲᠥᠯᠥᠪᠵᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ | ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠤᠪᠢ | ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃ | |