ᠭᠦᠸᠧ ᠲᠢᠶᠠᠨ ᠪᠦᠦ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2025/2/25
    2 ᠰᠠᠷ᠎ᠠ ᠶᠢᠨ 21 ᠤ ᠡᠳᠦᠷ ᠠᠴᠠ 23 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠲᠠᠩᠱᠠᠨ᠂ ᠪᠡᠭᠡᠵᠢᠩ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ᠃ ᠬᠤᠰᠢᠭᠤᠨ ᠤ ᠤᠳᠤᠷᠢᠳᠤᠯᠭ᠎ᠠ ᠲᠦᠩ ᠭᠦᠸᠧ ᠪᠢᠶᠤᠤ᠂ ᠢᠦᠶ ᠰᠢᠶᠤᠤ ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃
 郭天宝外出开展招商考察.jpg
    ᠲᠠᠩᠱᠠᠨ ᠬᠤᠲᠠ ᠶᠢᠨ ᠯᠠᠨ ᠰᠢᠨ ᠰᠢᠯ ᠤᠨ ᠬᠢᠵᠠᠭᠠᠷᠲᠤ ᠺᠣᠮᠫᠠᠨᠢ ᠳᠤ᠂ ᠭᠦᠸᠧ ᠲᠢᠶᠠᠨ ᠪᠦᠦ ᠨᠠᠷ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠬᠦᠷᠴᠦ᠂ ᠣᠨᠴᠠ ᠲᠥᠷᠥᠯ ᠤᠨ ᠰᠢᠯ ᠦᠢᠯᠡᠳᠪᠦᠷᠢᠯᠡᠯ᠂ ᠦᠢᠯᠡᠳᠬᠦᠨ ᠤ ᠲᠥᠷᠥᠯ ᠵᠦᠢᠯ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ᠂ ᠬᠤᠶᠢᠲᠤ ᠬᠤᠰᠢᠭᠤᠨ ᠤ ᠪᠠᠶᠢᠳᠠᠯ ᠢ ᠲᠠᠨᠢᠯᠴᠠᠭᠤᠯᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠭᠦᠨᠵᠡᠭᠡᠶ ᠰᠤᠳᠤᠯᠤᠨ ᠶᠠᠷᠢᠯᠴᠠᠪᠠ᠃ ᠠᠵᠤ ᠠᠬᠤᠶᠢᠯᠠᠯ ᠤᠨ ᠬᠢᠨ ᠣᠶᠢᠷ᠎ᠠ ᠶᠢᠨ ᠬᠤᠭᠤᠴᠠᠭᠠᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠢᠷᠡᠵᠦ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠲᠥᠷᠥᠯ ᠵᠦᠢᠯ ᠤᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠠᠬᠢᠭᠤᠯᠤᠨ᠎ᠠ ᠭᠡᠵᠦ ᠢᠯᠡᠳᠬᠡᠪᠡ᠃     ᠪᠡᠭᠡᠵᠢᠩ ᠬᠤᠲᠠ ᠳᠤ᠂ ᠭᠦᠸᠧ ᠲᠢᠶᠠᠨ ᠪᠦᠦ ᠨᠠᠷ ᠤᠷᠢᠳ ᠬᠤᠵᠢᠳ ᠰᠢᠨᠵᠢᠶᠠᠩ ᠤᠨ ᠵᠢᠤᠢ ᠷᠦᠩ ᠡᠨᠧᠷᠭᠢ ᠶᠢᠨ ᠪᠦᠯᠦᠭᠯᠡᠯ᠂ ᠱᠠᠨ ᠮᠧᠩ ᠡᠨᠧᠷᠭᠢ ᠶᠢᠨ ᠪᠦᠯᠦᠭᠯᠡᠯ ᠤᠨ ᠬᠠᠷᠢᠭᠤᠴᠠᠯᠭᠠᠲᠠᠨ ᠲᠠᠢ ᠵᠣᠯᠭᠠᠭᠤᠯᠵᠤ᠂  ᠵᠢᠯ  ᠳᠤ 100 ᠲᠦᠮᠡᠨ ᠲᠣᠨ ᠰᠢᠩᠭᠡᠨᠵᠢᠮᠡᠯ ᠪᠠᠶᠢᠭᠠᠯᠢ ᠶᠢᠨ ᠰᠢᠲᠠᠮᠠᠬᠠᠶ ᠬᠡᠶ ᠵᠢᠴᠢ ᠪᠠᠴᠢᠮ ᠪᠠᠶᠢᠳᠠᠯ ᠢ ᠠᠷᠭᠠᠴᠠᠬᠤ ᠬᠡᠶ ᠨᠦᠭᠡᠴᠡᠯᠡᠬᠦ ᠣᠷᠭᠢᠯ ᠢ ᠲᠣᠬᠢᠷᠠᠭᠤᠯᠬᠤ ᠲᠥᠷᠥᠯ ᠵᠦᠢᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠬᠦᠷᠮᠡᠨ ᠴᠢᠯᠠᠭᠤᠯᠢᠭ ᠤᠨ ᠰᠢᠷᠬᠡᠭ ᠤᠨ ᠦᠢᠯᠡᠳᠪᠦᠷᠢᠯᠡᠯ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠰᠠᠶᠢᠲᠤᠷ ᠬᠢᠵᠦ᠂ ᠬᠠᠮᠤᠭ ᠤᠨ ᠲᠦᠷᠭᠡᠨ ᠬᠤᠷᠳᠤᠴᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ ᠭᠡᠵᠦ ᠢᠯᠡᠳᠬᠡᠪᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号