ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
                                  ᠨᠡᠶᠢᠲᠡᠯᠡᠭᠰᠡᠨ ᠴᠠᠭ᠄ 2025/2/26       ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ  ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂  ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ  ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ ᠲᠥᠰᠦᠯ︾ ᠢ ᠬᠢᠨᠠᠨ ᠵᠥᠪᠯᠡᠵᠦ  ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ  ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠬᠦ ᠪᠣᠯ ᠭᠠᠳᠠᠭᠠᠳᠤ  ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ    ᠬᠡᠷᠡᠭᠴᠡᠭᠡ   ᠶᠢ  ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ  ᠦᠢᠯᠡᠴᠢᠯᠡᠭᠡᠨ ᠤ ᠠᠷᠠᠯᠵᠢᠶ᠎ᠠ ᠪᠠᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ  ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠯᠦᠭᠡ  ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ  ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ ᠂ ᠮᠠᠨ ᠤ ᠤᠯᠤᠰ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ ᠦᠢᠯᠡᠴᠢᠯᠡᠭᠡᠨ ᠤ  ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂  ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃  ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ  ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ  ᠬᠡᠯᠪᠡᠷᠢ ᠪᠠᠶᠢᠳᠠᠯ ᠤᠨ ᠠᠭᠤᠰᠤᠯᠴᠠᠬᠤ᠂ ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ  ᠨᠡᠭᠡᠭᠡᠯᠲᠡ ᠬᠢᠬᠦ︾᠂ ︽ᠳᠣᠲᠣᠭᠠᠳᠤ ᠳᠤ  ᠪᠠᠨ ᠴᠢᠯᠦᠭᠡᠲᠡᠢ ᠪᠠᠶᠢᠯᠭᠠᠬᠤ︾ ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ  ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ  ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ  ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃         ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ  ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ  ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂  ᠲᠦᠭᠵᠢᠷᠡᠯ ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ ᠠᠪᠴᠤ ᠠᠰᠢᠭᠯᠠᠬᠤ  ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠲᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ  ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ ᠂ ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ  ᠨᠢ ᠮᠥᠷᠳᠡᠨ ᠤᠬᠤᠴᠢᠯᠠᠬᠤ ᠶᠢ ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂ ᠬᠠᠮᠢᠶ᠎ᠠ  ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠥᠳᠡᠯᠭᠡᠭᠴᠢ ᠬᠦᠴᠦᠨ ᠤ  ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ  ᠲᠦᠷᠭᠡᠬᠡᠨ ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ ᠠᠰᠢᠭᠯᠠᠬᠤ ᠶᠢ ᠳᠠᠶᠢᠴᠢᠯᠠᠨ᠎ᠠ᠃        ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ  ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ  ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ    ᠠᠷᠠᠳ ᠤᠨ ᠠᠷᠠᠳᠴᠢᠯᠠᠯ     ᠢ  ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ  ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ  ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ ᠰᠢᠢᠳᠪᠦᠷᠢᠯᠡᠬᠦ ᠶᠢ ᠠᠬᠢᠭᠤᠯᠪᠠ ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ ᠦᠷᠭᠦᠯᠵᠢᠯᠡᠨ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ  ᠭᠡᠰᠢᠭᠦᠳ ᠯᠦᠭᠡ ᠣᠶᠢᠯᠠᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ ᠬᠦᠴᠦᠯᠡᠬᠦ ᠶᠢ  ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ  ᠰᠠᠶᠢᠲᠠᠢ         ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃        ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ    
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号