︵ᠨᠢᠭᠡ︶ ᠪᠦᠲᠦᠮᠵᠢᠲᠡᠢ ᠪᠡᠯᠡ ᠣᠷᠣᠭᠤᠯᠤᠯᠲᠠ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠤ | ᠠᠬᠤᠢ ᠶᠢᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠠᠰᠤᠷᠠᠯᠲᠠ ᠦᠭᠡᠢ ᠠᠬᠢᠭᠤᠯᠤᠨ᠎ᠠ᠃ | ︽ᠲᠥᠷᠥᠯ ᠵᠦᠢᠯ ᠢᠶᠠᠷ ᠸᠠᠩ ᠪᠤᠯᠭᠠᠬᠤ᠂ ᠬᠤᠳᠠᠯᠳᠤᠭᠠᠴᠢᠨ ᠤᠷᠢᠬᠤ ᠪᠠᠷ ᠭᠤᠤᠯᠳᠠᠭᠤᠯᠬᠤ︾ ᠶᠢ ᠪᠠᠷᠢᠮᠳᠠᠯᠠᠵᠥ᠂ | ᠪᠥᠬᠦ ᠬᠦᠴᠦᠨ ᠢᠶᠠᠷ ᠢᠶᠠᠨ ᠪᠠᠯᠠ ᠮᠥᠩᠭᠦ ᠣᠯᠵᠤ᠂ ᠠᠵᠢᠯ ᠡᠬᠢᠯᠡᠭᠦᠯᠬᠦ ᠶᠢ ᠠᠳᠬᠤᠵᠤ᠂ ᠠᠰᠢᠭᠯᠠᠯᠲᠠ ᠳᠤ | ᠣᠷᠣᠭᠤᠯᠬᠤ ᠶᠢ ᠪᠠᠲᠤᠯᠠᠵᠤ᠂ ᠦᠷ᠎ᠡ ᠠᠰᠢᠭ ᠲᠠᠢ ᠪᠠᠯᠠ ᠣᠷᠣᠭᠤᠯᠤᠯᠲᠠ ᠶᠢᠨ ᠨᠡᠮᠡᠭᠳᠡᠯ ᠢᠶᠠᠷ ᠠᠵᠤ ᠠᠬᠤᠶ ᠶᠢᠨ | ᠬᠥᠭᠵᠢᠯᠲᠡ ᠶᠢᠨ ᠬᠠᠨᠳᠤᠰᠢ ᠶᠢᠨ ᠰᠢᠪᠲᠤᠯᠤᠯᠲᠠ ᠶᠢ ᠠᠬᠢᠭᠤᠯᠤᠨ᠎ᠠ᠃ | ︵ᠬᠤᠶᠠᠷ︶ ᠭᠠᠷᠤᠯᠲᠠᠦᠷᠡ ᠠᠰᠢᠭ ᠢᠶᠠᠨ ᠨᠡᠮᠡᠭᠳᠡᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ᠂ | ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠥᠭᠵᠢᠨ ᠪᠤᠵᠠᠭᠠᠢᠢᠷᠠᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ | ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠨ᠂ ᠣᠨᠴᠠᠯᠢᠭᠲᠤ ᠠᠵᠤ ᠦᠢᠯᠡᠰ ᠢ | ᠪᠤᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠴᠢᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠨ᠂ ︽ᠲᠠᠷᠢᠶᠠᠯᠠᠩ ᠮᠠᠯ ᠠᠵᠤ ᠠᠬᠤᠶ ᠶᠢᠨ ᠦᠢᠯᠡᠰ ᠤᠨ ᠲᠣᠮᠣ ᠬᠤᠰᠢᠭᠤ︾ ᠠᠴᠠ ︽ᠲᠠᠷᠢᠶᠠᠯᠠᠩ ᠮᠠᠯ | ᠠᠵᠤ ᠠᠬᠤᠶ ᠶᠢᠨ ᠦᠢᠯᠡᠰ ᠤᠨ ᠬᠦᠴᠦᠷᠭᠡᠭ ᠬᠤᠰᠢᠭᠤ︾ ᠲᠡᠰᠢ ᠬᠤᠪᠢᠷᠠᠭᠤᠯᠬᠤ ᠶᠢ ᠲᠦᠷᠭᠡᠳᠭᠡᠨ᠎ᠡ᠃ | ︵ᠭᠤᠷᠪᠠ︶ ᠬᠡᠯᠬᠢᠶ᠎ᠡ ᠶᠢ ᠤᠷᠳᠤᠳᠬᠠᠬᠤ ᠬᠡᠯᠬᠢᠶ᠎ᠡ ᠶᠢ ᠨᠦᠬᠦᠪᠦᠷᠢᠯᠡᠬᠦ ᠬᠡᠯᠬᠢᠶ᠎ᠡ ᠶᠢ ᠴᠢᠩᠭᠠᠳᠬᠠᠬᠤ ᠶᠢ ᠡᠷᠡᠰ | ᠭᠤᠶᠢᠪᠢᠰᠢ ᠦᠭᠡᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠶᠡᠷᠦᠩᠭᠡᠢ ᠬᠡᠮᠵᠢᠶ᠎ᠡ ᠶᠢ | ᠨᠡᠮᠡᠭᠳᠡᠬᠦᠯᠦᠨ᠎ᠡ᠃ ᠠᠵᠤ ᠦᠢᠯᠡᠳᠪᠦᠷᠢ ᠶᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ | ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ ᠱᠤᠭᠤᠵᠥ᠂ ᠨᠡᠩ ᠶᠡᠭᠡ ᠬᠦᠴᠦ ᠣᠷᠣᠭᠤᠯᠵᠤ᠂ ᠨᠡᠩ ᠣᠯᠠᠨ ᠣᠶᠤᠨ | ᠴᠢᠳᠠᠯ ᠢᠶᠠᠨ ᠵᠠᠷᠤᠴᠠᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ | ᠶᠡᠷᠦᠩᠬᠡᠢ ᠬᠡᠮᠵᠢᠶ᠎ᠡ ᠶᠢᠨ ᠳᠠᠪᠠᠯᠲᠠ᠂ ᠶᠠᠰᠤ ᠴᠢᠨᠠᠷ ᠤᠨ ᠲᠡᠭᠡᠭᠰᠢᠯᠡᠯᠳᠡ ᠶᠢ ᠠᠬᠢᠭᠤᠯᠤᠨ᠎ᠠ᠃ | ︵ᠲᠦᠷᠪᠡ︶ ᠵᠠᠬ᠎ᠠ ᠲᠡᠯᠭᠡᠭᠦᠷ ᠤᠨ ᠬᠡᠷᠡᠭᠴᠡᠭᠡ ᠶᠢ ᠡᠷᠡᠰ ᠭᠤᠶᠢᠪᠢᠰᠢ ᠦᠭᠡᠢ ᠬᠦᠭᠵᠢᠭᠡᠵᠦ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠢ ᠲᠡᠰ ᠲᠡᠪᠰᠢᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠲᠦᠷᠭᠡᠳᠬᠡᠨ | ᠠᠬᠢᠭᠤᠯᠤᠨ᠎ᠠ᠃ ᠬᠡᠷᠡᠭᠯᠡᠭᠡ ᠶᠢ ᠥᠷᠭᠡᠳᠬᠡᠬᠦ᠂ ︽ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ︾ ᠶᠢ ᠬᠥᠭᠵᠢᠭᠡᠬᠦ ᠪᠠᠷ | ᠭᠤᠤᠯᠳᠠᠯᠭ᠎ᠠ ᠪᠣᠯᠭᠠᠨ ᠦᠢᠯᠡᠴᠢᠯᠡᠭᠡᠨ ᠤ ᠦᠢᠯᠡᠰ ᠢ ᠨᠠᠷᠢᠯᠢᠭ ᠬᠢᠬᠦ ᠶᠢ ᠪᠠᠷᠢᠮᠲᠠᠯᠠᠵᠤ᠂ ︽ᠦᠢᠯᠡᠴᠢᠯᠡᠭᠡᠨ ᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠰᠢᠪᠳᠤᠯᠤᠯᠳᠠ ᠶᠢᠨ ᠠᠵᠢᠯᠯᠠᠭ᠎ᠠ︾ | ᠶᠢ ᠬᠦᠴᠦᠲᠡᠢ ᠪᠥᠭᠡᠳ ᠪᠦᠲᠦᠮᠵᠢᠲᠡᠢ ᠦᠷᠨᠢᠬᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠠᠯᠬᠤᠴᠠ ᠶᠢ | ᠲᠦᠷᠭᠡᠳᠬᠡᠨ᠂ ᠬᠡᠷᠡᠭᠯᠡᠭᠡᠨ ᠤ ᠪᠠᠶᠢᠳᠠᠯ ᠢ ᠪᠡᠶᠡᠴᠢᠯᠡᠨ ᠣᠶᠢᠯᠠᠭᠠᠵᠤ᠂ ᠠᠷᠠᠯᠵᠢᠶ᠎ᠠ ᠬᠤᠳᠠᠯᠳᠤᠭᠠᠨ ᠤ ᠪᠠᠷᠠᠭᠠᠨ ᠤ | ᠭᠦᠢᠯᠭᠡᠭᠡᠨ ᠤ ᠲᠣᠤᠷ ᠰᠦᠯᠵᠢᠶ᠎ᠡ ᠶᠢ ᠨᠢᠭᠲᠠ ᠰᠦᠯᠵᠢᠵᠦ᠂ ᠰᠢᠨ᠎ᠡ ᠠᠬᠤᠢ ᠪᠠᠶᠢᠳᠠᠯ ᠢᠶᠠᠷ ᠰᠢᠨ᠎ᠡ ᠬᠠᠯᠠᠮᠰᠢᠯ ᠴᠡᠭ | ᠢ ᠪᠦᠷᠢᠯᠳᠦᠭᠦᠯᠵᠦ᠂ ᠰᠢᠨ᠎ᠡ ᠣᠶᠢᠯᠠᠭᠠᠯᠲᠠ ᠪᠠᠷ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ | ︵ᠲᠠᠪᠤ︶ ᠤᠷᠤᠨ ᠵᠠᠢ ᠶᠢᠨ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠭᠡᠢ ᠰᠢᠯᠢᠳᠡᠭᠵᠢᠬᠦᠯᠵᠦ᠂ ᠬᠤᠳᠠ | ᠬᠥᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠠᠯᠬᠤᠴᠠ ᠶᠢ ᠲᠦᠷᠭᠡᠳᠬᠡᠨ᠎ᠡ᠃ ᠬᠤᠳᠠ ᠬᠥᠳᠡᠭᠡ ᠶᠢᠨ | ᠠᠭᠤᠰᠤᠯᠴᠠᠯ ᠢᠶᠠᠷ ︽ᠲᠡᠷᠢᠭᠦᠨ ᠴᠢᠬᠤᠯᠠ ᠡᠭᠦᠷᠭᠡ︾ ᠪᠣᠯᠭᠠᠬᠤ ᠶᠢ ᠪᠠᠷᠢᠮᠲᠠᠯᠠᠵᠤ᠂ ᠬᠤᠳᠠ ᠪᠠᠯᠭᠠᠰᠤᠵᠢᠯᠲᠠ ᠪᠠ | ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ | ᠠᠬᠢᠭᠤᠯᠵᠤ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠪᠦᠬᠦᠢ ᠬᠤᠳᠠ | ᠬᠥᠳᠡᠭᠡ ᠶᠢᠨ ᠬᠥᠭᠵᠢᠯᠲᠡ ᠶᠢ ᠪᠡᠶᠡᠯᠡᠭᠦᠯᠦᠨ᠎ᠡ᠃ | ︵ᠵᠢᠷᠭᠤᠭ᠎ᠠ︶ ᠪᠦᠬᠢᠷᠳᠤᠯ ᠢ ᠰᠡᠷᠬᠡᠶᠢᠯᠡᠨ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠴᠢᠨᠡᠷ | ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠬᠢᠯᠡᠨ᠎ᠡ ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠠᠷᠪᠢᠯᠠᠨ | ᠡᠷᠴᠢᠮᠵᠢᠭᠦᠯᠬᠦ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠦᠨᠳᠦᠰᠦ ᠪᠣᠯᠭᠠᠬᠤ ᠶᠢ | ᠪᠠᠷᠢᠮᠲᠠᠯᠠᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ | ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠴᠢᠨᠠᠷ ᠰᠠᠶᠢᠲᠠᠶ ᠠᠮᠢ ᠠᠬᠤᠶ ᠪᠠᠷ ᠴᠢᠨᠠᠷ ᠰᠠᠶᠢᠲᠠᠶ | ᠬᠥᠭᠵᠢᠯᠲᠡ ᠶᠢ ᠲᠤᠯᠭᠠᠭᠤᠷᠢᠯᠠᠨ᠎ᠠ᠃ | ︵ᠳᠤᠯᠤᠭ᠎ᠠ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠡᠷᠡᠰ ᠭᠤᠶᠢᠪᠢᠰᠢ ᠦᠭᠡᠢ ᠭᠦᠨᠵᠡᠭᠡᠶᠢᠷᠡᠬᠦᠯᠵᠦ᠂ | ᠲᠡᠷᠢᠬᠦᠨ ᠤ ᠬᠤᠳᠠᠯᠳᠤᠭ᠎ᠠ ᠡᠷᠬᠢᠯᠡᠬᠦ ᠤᠷᠴᠢᠨ ᠢ ᠬᠦᠴᠦᠯᠡᠨ ᠡᠭᠦᠳᠦᠨ᠎ᠡ᠃ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠪᠠᠷᠢᠮᠲᠠᠯᠠᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠪᠠᠶᠢᠭᠤᠯᠤᠯ ᠤᠨ ᠴᠢᠨᠠᠷᠲᠠᠶ ᠬᠠᠷᠰᠢ | ᠰᠠᠭᠠᠳ ᠪᠠ ᠲᠣᠭᠲᠠᠴᠠ ᠶᠢᠨ ᠴᠢᠨᠠᠷᠲᠠᠶ ᠲᠦᠭᠵᠢᠷᠡᠯ ᠢ ᠬᠦᠴᠦᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠬᠥᠳᠡᠯᠭᠡᠬᠦ ᠬᠦᠴᠦᠨ | ᠨᠡᠮᠡᠷᠢᠯᠡᠨ᠎ᠡ᠃ | ︵ᠨᠠᠢᠮᠠ︶ ᠠᠷᠠᠳ ᠤᠨ ᠠᠮᠢᠳᠤᠷᠠᠯ ᠤᠨ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠠᠷᠠᠳ | ᠲᠦᠮᠡᠨ ᠤ ᠵᠣᠯ ᠵᠢᠷᠭᠠᠯ ᠤᠨ ᠵᠢᠭᠠᠯᠳᠠ ᠲᠤᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ | ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠤᠳᠠᠳᠤ ᠶᠠᠪᠤᠳᠠᠯ ᠢ ᠰᠠᠶᠢᠳᠦᠷ ᠬᠢᠵᠦ | ᠂ ᠰᠠᠶᠢᠨ ᠶᠠᠪᠤᠳᠠᠯ ᠢ ᠪᠤᠳᠠᠳᠠᠢ ᠬᠢᠵᠦ᠂ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ | ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠬᠦᠯᠦᠨ᠎ᠡ᠃ | ︵ᠶᠢᠰᠦ︶ ᠠᠮᠤᠷ ᠲᠦᠪᠰᠢᠨ ᠤ ᠬᠠᠯᠬᠠᠪᠴᠢ ᠶᠢ ᠡᠷᠡᠰ ᠭᠤᠶᠢᠪᠢᠰᠢ ᠦᠭᠡᠢ ᠪᠠᠳᠤ ᠴᠤᠭᠴᠠᠯᠠᠵᠤ᠂ | ᠨᠡᠶᠢᠭᠡᠮ ᠤᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠠᠮᠤᠷ ᠲᠦᠪᠰᠢᠨ ᠬᠥᠭᠵᠢᠯᠲᠡ ᠶᠢ ᠢᠮᠠᠭᠲᠠ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠣᠷᠣᠨ | ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ | ᠡᠷᠡᠰ ᠰᠠᠬᠢᠨ᠎ᠠ᠃ | | |