ᠮᠠᠨ ᠤ ᠬᠤᠰᠢᠭᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠭ᠎ᠠ
ᠨᠡᠶᠢᠲᠡᠯᠡᠭᠰᠡᠨ ᠴᠠᠭ᠄
2025/2/28
   ᠦᠵᠡᠮᠵᠢ ᠶᠢᠨ ᠣᠷᠣᠨ ᠤ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠢᠭᠤᠯᠴᠢᠯᠠᠯ ᠢ ᠬᠥᠭᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢ 2500 ᠲᠦᠮᠡᠨ ᠲᠥᠭᠦᠷᠢᠭ ᠴᠢᠷᠮᠠᠶᠢᠨ ᠣᠯᠵᠤ᠂ ᠴᠦᠩᠭᠦᠯ ᠤᠨ ᠦᠵᠡᠮᠵᠢ ᠶᠢᠨ ᠤᠷᠤᠨ ᠢ 5A ᠲᠡᠰ ᠪᠤᠯᠭᠠᠨ ᠡᠭᠦᠳᠦᠨ ᠪᠠᠶᠢᠭᠤᠯᠬᠤ ᠶᠢ ᠲᠦᠷᠭᠡᠳᠭᠡᠪᠡ︔ ᠵᠢᠵᠢᠭ ᠰᠠᠪᠠ ᠭᠠᠵᠠᠷ ᠤᠨ ᠬᠥᠷᠥᠰᠥ ᠰᠢᠷᠣᠶ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ ᠲᠥᠷᠥᠯ ᠵᠦᠢᠯ ᠲᠠᠢ ᠤᠶᠠᠯᠳᠤᠭᠤᠯᠤᠨ᠂ 1000 ᠲᠦᠮᠡᠨ ᠲᠥᠭᠦᠷᠢᠭ ᠪᠠᠯᠠ ᠣᠷᠣᠭᠤᠯᠵᠤ ᠠᠭᠤᠯᠠ ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠯᠠ ᠮᠥᠩᠭᠦ 1550 ᠲᠦᠮᠡᠨ ᠲᠥᠭᠦᠷᠢᠭ ᠣᠷᠣᠭᠤᠯᠵᠤ᠂ ᠵᠢᠷᠭᠠᠯᠠᠩ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠬᠦᠯᠪᠡ᠃    ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠭᠤᠯᠠ ᠦᠵᠡᠮᠵᠢ ᠶᠢᠨ ᠣᠷᠣᠨ ᠢ ᠠᠮᠢᠯᠠᠭᠤᠯᠵᠤ᠂ ︽ᠳᠡᠯᠡᠬᠡᠢ ᠳ᠋ᠠᠬᠢᠨ ᠤ ᠨᠢᠭᠡᠳᠦᠭᠡᠷ ᠣᠪᠣᠭ᠎ᠠ · ᠢᠨᠠᠭ ᠬᠠᠶᠢᠷ᠎ᠠ ᠶᠢᠨ ᠠᠷᠢᠭᠤᠨ ᠲᠠᠷᠬᠠᠨ ᠭᠠᠵᠠᠷ︾ ᠢᠶᠠᠷ ᠭᠤᠣᠯ ᠰᠡᠳᠦᠪ ᠪᠣᠯᠭᠠᠵᠤ᠂ ᠠᠷᠠᠳ ᠤᠨ ᠳᠠᠭᠤᠤ ᠠᠷᠠᠳ ᠤᠨ ᠵᠠᠩ ᠦᠢᠯᠡ ᠶᠢᠨ ᠰᠣᠶᠣᠯ ᠢ ᠠᠭᠤᠳᠠᠯᠵᠤ᠂ ᠵᠢᠭᠤᠯᠴᠢᠯᠠᠯ ᠤᠨ ᠲᠦᠷᠦᠯ ᠵᠦᠢᠯ ᠢ ᠵᠢᠷᠤᠵᠤ ᠲᠥᠯᠥᠪᠯᠡᠨ᠂ ᠰᠢᠷᠢᠰ ᠠᠵᠢᠯᠯᠠᠭ᠎ᠠ ᠶᠢᠨ ᠲᠦᠷᠦᠯ ᠵᠦᠢᠯ ᠢ ᠡᠬᠦᠳᠦᠪᠡ︔  ᠵᠢᠷᠭᠠᠯᠠᠩ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠵᠤ᠂ ᠡᠬᠡ ᠣᠷᠣᠨᠴᠢ ᠦᠵᠡᠯ ᠤᠨ ᠬᠥᠮᠦᠵᠢᠯ ᠤᠨ ᠲᠣᠭᠤᠷᠢᠨ ᠳᠤ ᠬᠤᠪᠢᠰᠬᠠᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠪᠦᠲᠦᠭᠡᠭᠳᠡᠬᠦᠨ ᠢ ᠡᠬᠦᠳᠴᠦ᠂ 6 ᠰᠠᠷ᠎ᠠ ᠶᠢᠨ ᠡᠬᠢ ᠪᠠᠷ ᠲᠤᠷᠰᠢᠨ ᠡᠵᠡᠩᠨᠡᠪᠡ᠃    ᠦᠵᠡᠮᠵᠢ ᠶᠢᠨ ᠣᠷᠣᠨ ᠤ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠦᠩᠬᠦᠯ ᠤᠨ ᠭᠤᠤ᠂ ᠠᠭᠤᠯᠠ᠂ ᠰᠤᠭᠤ ᠶᠢᠨ ᠪᠤᠯᠠᠭ ᠤᠨ ᠡᠯᠡᠰᠦᠨ ᠴᠦᠯ᠂ ᠠᠷᠠᠳ ᠤᠨ ᠵᠠᠩ ᠦᠢᠯᠡ ᠶᠢᠨ ᠲᠡᠦᠬᠡ ᠰᠣᠶᠣᠯ ᠤᠨ ᠬᠦᠷᠢᠶᠡᠯᠡᠩ ᠵᠡᠷᠭᠡ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠲᠦᠰᠢᠭᠯᠡᠨ᠂ ᠠᠮᠢ ᠠᠬᠤᠢ ᠶᠢᠨ ᠵᠤᠭᠠᠴᠠᠯ᠂ ᠬᠥᠳᠡᠭᠡ ᠲᠣᠰᠬᠤᠨ ᠤ ᠵᠤᠭᠠᠴᠠᠯ᠂ ᠡᠯᠡᠰᠦᠨ ᠴᠥᠯ ᠤᠨ ᠵᠤᠭᠠᠴᠠᠯ᠂ ᠰᠤᠳᠤᠯᠤᠨ ᠰᠤᠷᠤᠯᠴᠠᠬᠤ ᠵᠤᠭᠠᠴᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠭᠠᠷᠭᠠᠵᠤ᠂ ᠬᠤᠶᠠᠷ ᠡᠳᠦᠷ ᠤᠨ ᠵᠤᠭᠠᠴᠠᠯ᠂ ᠭᠤᠷᠪᠠᠨ ᠡᠳᠦᠷ ᠤᠨ ᠵᠤᠭᠠᠴᠠᠯ᠂ ᠭᠦᠨ ᠵᠤᠭᠠᠴᠠᠯ ᠤᠨ ᠵᠠᠮ ᠱᠤᠭᠤᠮ ᠢ ᠵᠢᠷᠤᠵᠤ ᠲᠥᠯᠥᠪᠯᠡᠨ᠂ ᠦᠵᠡᠮᠵᠢ ᠶᠢᠨ ᠣᠷᠣᠨ ᠢ ᠬᠠᠯᠠᠭᠤᠨ ᠢᠶᠠᠷ ᠠᠬᠢᠭᠤᠯᠵᠤ᠂ ᠨᠡᠩ ᠤᠯᠠᠨ ᠵᠤᠭᠠᠴᠠᠭᠰᠠᠳ ᠤᠨ ᠠᠩᠬᠠᠷᠤᠯ ᠢ ᠲᠠᠳᠠᠵᠤ᠂ ᠲᠡᠳᠡᠨᠡᠷ ᠤᠨ ᠬᠦᠷᠦᠯᠴᠡᠨ ᠢᠷᠡᠵᠦ ᠵᠤᠭᠠᠨ ᠲᠤᠭᠤᠷᠢᠬᠤ ᠶᠢ ᠠᠬᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号