ᠬᠤᠷᠴᠢᠨ ᠵᠡᠬᠦᠨ ᠭᠠᠷᠤᠨ ᠬᠤᠶᠢᠳᠤ ᠬᠤᠰᠢᠭᠤ ᠦᠨᠳᠦᠰᠦᠳᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠬᠦᠯᠦᠨ ᠬᠦᠭᠵᠢᠬᠦᠯᠪᠡ
ᠨᠡᠶᠢᠲᠡᠯᠡᠭᠰᠡᠨ ᠴᠠᠭ᠄
2025/2/28
    ᠰᠣᠶᠣᠯ ᠤᠨ ᠠᠵᠢᠯᠯᠠᠭ᠎ᠠ ᠶᠢᠨ ᠲᠠᠯ᠎ᠠ ᠪᠠᠷ᠄ 2024 ᠤᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠥᠷᠨᠢᠭᠦᠯᠵᠦ᠂ ᠵᠢᠱᠢᠶᠡᠯᠡᠪᠡᠯ᠂ ᠤᠯᠠᠭᠠᠨᠮᠥ᠋ᠴᠢᠷ ᠤᠨ ︽ᠰᠢ ᠵᠦᠴᠦᠭᠡ ᠶᠢ ᠬᠥᠳᠡᠭᠡ ᠲᠣᠰᠬᠤᠨ ᠳᠤ ᠣᠷᠣᠭᠤᠯᠬᠤ︾ ᠵᠡᠷᠭᠡ ᠠᠷᠠᠳ ᠲᠤ ᠠᠰᠢᠭ ᠬᠦᠷᠲᠡᠭᠡᠬᠦ ᠲᠣᠭᠯᠠᠯᠲᠠ ᠪᠠ ᠡᠯ᠎ᠡ ᠲᠥᠷᠥᠯ ᠤᠨ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ 371 ᠲᠠᠯᠠᠪᠤᠷ ᠤᠳᠠᠭ᠎ᠠ ᠵᠣᠬᠢᠶᠠᠨ ᠪᠦᠲᠦᠭᠡᠵᠦ ᠂ ᠳᠤᠮᠳᠠᠳᠤ ᠶᠢᠨ ᠰᠣᠶᠣᠯ ᠤᠨ ᠠᠭᠤᠯᠤᠬᠳᠠᠬᠤᠨ ᠲᠠᠢ᠂ ᠡᠯ᠎ᠡ ᠦᠨᠳᠦᠰᠦᠲᠡᠨ ᠤ ᠰᠣᠶᠣᠯ ᠤᠨ ᠰᠢᠮ᠎ᠡ ᠲᠡᠵᠢᠭᠡᠯ ᠢ ᠰᠢᠩᠭᠡᠭᠡᠨ ᠠᠪᠤᠭᠰᠠᠨ᠂ ᠣᠲᠣ ᠦᠶ᠎ᠡ ᠶᠢᠨ ᠪᠣᠯᠪᠠᠰᠤᠨ ᠢ ᠠᠭᠤᠰᠤᠯᠴᠠᠭᠤᠯᠤᠭᠰᠠᠨ ᠤᠳᠬ᠎ᠠ ᠤᠷᠠᠯᠢᠭ ᠤᠨ ᠪᠦᠲᠦᠭᠡᠯ 34 ᠪᠣᠯᠪᠠ︔ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠵᠡᠷᠭᠡ ᠤᠯᠠᠮᠵᠢᠯᠠᠯᠲᠤ ᠪᠠᠶᠠᠷ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ︽ᠮᠠᠨ ᠤ ᠪᠠᠶᠠᠷ ᠤᠨ ᠡᠳᠦᠷ︾ ᠤᠨ ᠰᠢᠷᠢᠰ ᠠᠵᠢᠯᠯᠠᠭ᠎ᠠ ᠶᠢ 120 ᠭᠠᠷᠤᠶ ᠤᠳᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ 2 ᠲᠦᠮᠡ ᠭᠠᠷᠤᠶ ᠠᠰᠢᠭ ᠬᠦᠷᠲᠡᠭᠡᠪᠡ᠃    ᠰᠤᠷᠭᠠᠨ ᠬᠥᠮᠦᠵᠢᠯ ᠤᠬᠠᠭᠤᠯᠭ᠎ᠠ ᠶᠢᠨ ᠲᠠᠯ᠎ᠠ ᠪᠠᠷ᠄ 2024 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢ ᠺᠠᠳ᠋ᠷ ᠤᠨ ᠰᠤᠷᠭᠠᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠭᠤᠤᠯ ᠴᠣᠭᠴᠠ ᠶᠢᠨ ᠠᠩᠭᠢ ᠶᠢᠨ ᠪᠣᠯᠪᠠᠰᠤᠷᠠᠭᠤᠯᠤᠯ ᠤᠨ ᠠᠭᠤᠯᠭ᠎ᠠ ᠳᠤ ᠣᠷᠣᠭᠤᠯᠵᠤ᠂ ᠬᠤᠪᠢ ᠶᠢᠨ ᠵᠢᠩ ᠨᠢ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠶᠡᠷᠦᠩᠬᠡᠶ ᠬᠢᠴᠢᠶᠡᠯ ᠤᠨ ᠴᠠᠭ ᠤᠨ 20% ᠠᠴᠠ ᠳᠠᠪᠠᠵᠤ᠂ ᠪᠥᠬᠦ ᠵᠢᠯ ᠳᠤ 69 ᠬᠤᠭᠤᠴᠠᠭᠠᠨ ᠤ ᠦᠨᠳᠦᠰᠦᠨ ᠪᠣᠯᠪᠠᠰᠤᠷᠠᠯ ᠤᠨ ᠠᠩᠭᠢ  ᠡᠷᠭᠢᠯᠡᠵᠦ᠂ 8000 ᠭᠠᠷᠤᠶ ᠬᠥᠮᠦᠨ ᠤᠳᠠᠭ᠎ᠠ ᠪᠣᠯᠪᠠᠰᠤᠷᠠᠭᠤᠯᠤᠯ ᠳᠤ ᠣᠷᠣᠯᠴᠠᠵᠠᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠮᠡᠳᠡᠯᠭᠡ ᠶᠢᠨ ᠰᠦᠯᠵᠢᠶᠡᠨ ᠳᠡᠭᠡᠷᠡᠬᠢ ᠱᠠᠩᠨᠠᠯ ᠲᠠᠢ ᠥᠷᠢᠰᠥᠯᠳᠦᠭᠡᠨ ᠤ ᠬᠠᠷᠢᠭᠤᠯᠲᠠ ᠶᠢᠨ ᠠᠵᠢᠯᠯᠠᠭ᠎ᠠ ᠥᠷᠨᠢᠭᠦᠯᠵᠦ᠂ 6500 ᠭᠠᠷᠤᠢ ᠬᠥᠮᠦᠨ ᠰᠡᠳᠦᠪ ᠬᠠᠷᠢᠭᠤᠯᠬᠤ ᠳᠤ ᠣᠷᠣᠯᠴᠠᠪᠠ᠃ ᠤᠯᠤᠰ ᠠᠷᠠᠳ ᠤᠨ ᠰᠤᠷᠭᠠᠨ ᠬᠥᠮᠦᠵᠢᠯ ᠳᠤ ᠠᠭᠤᠰᠤᠯᠴᠠᠭᠤᠯᠵᠤ᠂ ᠰᠤᠷᠭᠠᠭᠤᠯᠢ ᠳᠤ ᠭᠤᠤᠯ ᠰᠡᠳᠦᠪᠲᠦ ᠵᠢᠷᠤᠭ᠂ ᠶᠠᠷᠢᠶ᠎ᠠ ᠢᠯᠡᠳᠬᠡᠯ ᠵᠡᠷᠭᠡ ᠠᠵᠢᠯᠯᠠᠭ᠎ᠠ ᠶᠢ 50 ᠭᠠᠷᠤᠶ ᠲᠠᠯᠠᠪᠤᠷ ᠤᠳᠠᠭ᠎ᠠ ᠥᠷᠨᠢᠭᠦᠯᠪᠡ᠃ ᠬᠤᠰᠢᠭᠤᠨ ᠤ ᠬᠠᠮ ᠵᠠᠭᠤᠴᠢᠯᠠᠭᠤᠷ ᠪᠣᠯᠤᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠸᠢᠴᠠᠲ ᠤᠨ ᠨᠡᠶᠢᠲᠡ ᠶᠢᠨ ᠳ᠋ᠤᠭᠠᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠲᠤᠰᠬᠠᠶ ᠪᠤᠯᠤᠩ ᠭᠠᠷᠭᠠᠵᠤ᠂ ᠪᠠᠶᠢᠩᠭᠤᠵᠢᠭᠤᠯᠤᠨ ᠤᠬᠠᠭᠤᠯᠤᠨ ᠲᠠᠶᠢᠯᠪᠤᠷᠢᠯᠠᠪᠠ᠃    ᠬᠠᠤᠯᠢ ᠪᠠᠷ ᠵᠠᠰᠠᠬᠤ ᠪᠠᠲᠤᠯᠠᠭ᠎ᠠ ᠶᠢᠨ ᠲᠠᠯ᠎ᠠ ᠪᠠᠷ᠄ 2024 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠬᠤᠰᠢᠭᠤᠨ ᠤ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠤᠨ ︽ᠬᠤᠶᠠᠷ ᠲᠦᠷᠢᠮ ᠨᠢᠭᠡ ᠨᠠᠷᠢᠨ ᠲᠦᠷᠢᠮ︾ ᠳᠤ ᠣᠷᠣᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠥᠬᠦ ᠬᠤᠰᠢᠭᠤᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠴᠢᠬᠤᠯᠠ ᠠᠭᠤᠯᠭ᠎ᠠ ᠳᠤ ᠣᠷᠣᠭᠤᠯᠵᠤ᠂ ᠬᠥᠬᠡ ᠮᠠᠨᠳᠤᠯ ᠠᠭᠤᠳᠠᠮ ᠲᠠᠯᠠᠪᠠᠶ ᠳᠤ ︽ᠬᠠᠤᠯᠢ ᠪᠠᠷ ᠵᠠᠰᠠᠬᠤ ᠲᠠᠯᠠᠪᠠᠶ︾ ᠭᠠᠷᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢ 264 ᠲᠠᠯᠠᠪᠤᠷ ᠤᠳᠠᠭ᠎ᠠ ᠥᠷᠨᠢᠭᠦᠯᠪᠡ᠃     ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ᠄ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠠᠨᠠᠷ ᠤᠨ ᠦᠷ᠎ᠡ︾ ᠡᠶᠡᠳᠡᠭᠦᠯᠬᠦ ᠲᠠᠰᠤᠭ᠂ ︽ᠡᠶ᠎ᠡ ᠵᠤᠬᠢᠴᠠᠯ ᠲᠠᠢ ᠬᠠᠮᠲᠤᠪᠠᠷ ᠵᠠᠰᠠᠬᠤ e ᠥᠷᠲᠡᠭᠡ︾᠂ ︽ᠡᠶᠡᠳᠡᠭᠦᠯᠬᠦ ᠠᠵᠢᠯ ᠤᠨ ᠲᠠᠰᠤᠭ︾ ᠵᠡᠷᠭᠡ ᠠᠵᠢᠯ ᠤᠨ ᠨᠠᠷᠠᠲᠤ ᠲᠡᠮᠳᠡᠭ ᠢ ᠡᠭᠦᠳᠴᠦ᠂ 2024 ᠣᠨ ᠤ 9 ᠰᠠᠷ᠎ᠠ ᠪᠣᠯᠲᠠᠯ᠎ᠠ᠂ ᠵᠥᠷᠢᠴᠡᠯ ᠵᠢᠭᠤᠷᠠᠯᠳᠤᠭᠠᠨ ᠢ 583 ᠤᠳᠠᠭ᠎ᠠ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠡᠶᠡᠳᠡᠭᠦᠯᠭᠡ ᠨᠢ 582 ᠤᠳᠠᠭ᠎ᠠ ᠠᠮᠵᠢᠯᠲᠠ ᠣᠯᠵᠤ᠂ ᠠᠮᠵᠢᠯᠲᠠ ᠣᠯᠤᠭᠰᠠᠨ ᠨᠣᠷᠮ᠎ᠠ ᠨᠢ 99.8% ᠬᠦᠷᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号