ᠨᠡᠶᠢᠲᠡᠯᠡᠭᠰᠡᠨ ᠴᠠᠭ᠄ 2025/1/23 | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 21 ᠤ ᠴᠠᠭᠢᠯᠭᠠᠨ ᠮᠡᠳᠡᠭᠡ 1 ᠰᠠᠷ᠎ᠠ ᠶᠢᠨ 21 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠤ᠋ ᠠᠭᠤᠯᠵᠠᠯᠲᠠ ᠬᠢᠪᠡ ᠃ | | | 1 ᠰᠠᠷ᠎ᠠ ᠶᠢᠨ 21 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠤᠷᠤᠰ ᠤᠨ ᠶᠡᠷᠦᠩᠬᠡᠶᠢᠯᠡᠭᠴᠢ ᠫᠦᠲ᠋ᠢᠨ ᠲᠠᠢ ᠸᠢᠳᠢᠤ᠋ ᠠᠭᠤᠯᠵᠠᠯᠲᠠ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠷᠣᠣ ᠠᠢ ᠮᠢᠨ ᠰᠡᠭᠦᠳᠡᠷᠯᠡᠪᠡ | ᠬᠤᠶᠠᠷ ᠤᠯᠤᠰ ᠤᠨ ᠲᠡᠷᠢᠭᠦᠨ ᠬᠠᠷᠢᠯᠴᠠᠨ ᠰᠢᠨ᠎ᠡ ᠵᠢᠯ ᠤᠨ ᠵᠥᠩᠨᠡᠯ ᠳᠡᠪᠰᠢᠭᠦᠯᠪᠡ᠃ ᠰᠢ ᠶᠢᠨ ᠫᠢᠩ᠂ | ᠬᠡᠳᠦᠨ ᠡᠳᠦᠷ ᠥᠩᠭᠡᠷᠡᠪᠡᠯ ᠳᠤᠮᠳᠠᠳᠤ ᠤᠯᠤᠰ ᠤᠨ ᠴᠠᠭᠠᠨ ᠰᠠᠷ᠎ᠠ ᠪᠣᠯᠣᠨ᠎ᠠ᠂ ᠬᠠᠭᠤᠴᠢᠨ ᠵᠢᠯ ᠢᠶᠠᠨ ᠦᠳᠡᠵᠦ ᠰᠢᠨ᠎ᠡ | ᠵᠢᠯ ᠢᠶᠠᠨ ᠤᠭᠲᠤᠬᠤ ᠡᠨᠡ ᠬᠦ ᠴᠠᠭ ᠮᠥᠴᠡ ᠳᠤ ᠶᠡᠷᠦᠩᠬᠡᠶᠢᠯᠡᠭᠴᠢ ᠠᠪᠤᠭᠠᠢ ᠲᠠᠢ ᠸᠢᠳᠢᠤ᠋ ᠪᠠᠷ ᠠᠭᠤᠯᠵᠠᠭᠰᠠᠨ ᠳᠠᠭᠠᠨ | ᠮᠠᠰᠢ ᠪᠠᠶᠠᠷ ᠲᠠᠢ ᠪᠠᠶᠢᠨ᠎ᠠ᠂ ᠰᠢᠨ᠎ᠡ ᠨᠢᠭᠡ ᠵᠢᠯ ᠳᠤ ᠳᠤᠮᠳᠠᠳᠤ ᠤᠷᠤᠰ ᠤᠨ ᠬᠠᠷᠢᠯᠴᠠᠭ᠎ᠠ ᠥᠷᠨᠢᠨ ᠬᠥᠭᠵᠢᠬᠦ ᠶᠢ ᠬᠦᠰᠡᠨ | ᠵᠥᠩᠨᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠫᠦᠲ᠋ᠢᠨ᠂ ᠰᠢᠨ᠎ᠡ ᠣᠨ ᠡᠬᠢᠯᠡᠮᠡᠭᠴᠡ ᠲᠡᠷᠢᠭᠦᠯᠡᠭᠴᠢ ᠰᠢ ᠶᠢᠨ ᠫᠢᠩ ᠲᠠᠢ | ᠸᠢᠳᠢᠤ᠋ ᠪᠠᠷ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠲᠡᠷᠢᠭᠦᠯᠡᠭᠴᠢ ᠰᠢ ᠶᠢᠨ ᠫᠢᠩ | ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠴᠠᠭᠠᠨ ᠰᠠᠷ᠎ᠠ ᠳᠠᠭᠠᠨ ᠪᠠᠶᠠᠷ ᠭᠦᠷ ᠲᠠᠢ ᠰᠢᠨᠡᠯᠡᠵᠦ᠂ ᠲᠦᠮᠡᠨ | ᠶᠠᠪᠤᠳᠠᠯ ᠲᠡᠭᠦᠰ ᠪᠦᠲᠦᠬᠦ ᠶᠢ ᠬᠦᠰᠡᠨ ᠵᠥᠩᠨᠡᠵᠦ ᠪᠠᠶᠢᠨ᠎ᠠ ᠭᠡᠵᠦ ᠢᠯᠡᠳᠬᠡᠪᠡ᠃ | ᠰᠢ ᠶᠢᠨ ᠫᠢᠩ᠂ 2024 ᠣᠨ ᠳᠤ᠂ ᠪᠢᠳᠡ ᠭᠤᠷᠪᠠ ᠤᠳᠠᠭ᠎ᠠ ᠠᠭᠤᠯᠵᠠᠵᠤ᠂ ᠮᠠᠰᠢ ᠤᠯᠠᠨ ᠴᠢᠬᠤᠯᠠ ᠬᠠᠮᠲᠤ ᠶᠢᠨ | ᠲᠠᠨᠢᠯᠲᠠ ᠲᠠᠢ ᠪᠣᠯᠪᠠ᠃ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠨ ᠦᠪᠡᠳᠡᠭᠰᠢ | ᠶᠡᠭᠡ ᠪᠠᠷ ᠪᠡᠯᠭᠡᠯᠡᠵᠦ᠂ ᠡᠭᠦᠷᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ᠂ ᠬᠠᠷᠢᠯᠴᠠᠨ ᠠᠰᠢᠭᠲᠠᠢ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠪᠠᠷ ᠵᠣᠷᠢᠭ | ᠰᠠᠨᠠᠭᠠᠨ ᠤ ᠴᠥᠮ᠎ᠡ ᠪᠤᠯᠭᠠᠬᠰᠠᠨ ᠳᠤᠮᠳᠠᠳᠤ ᠤᠷᠤᠰ ᠤᠨ ᠬᠠᠷᠢᠯᠴᠠᠭ᠎ᠠ ᠲᠠᠰᠤᠷᠠᠯᠳᠠ ᠦᠭᠡᠢ ᠰᠢᠨ᠎ᠡ ᠠᠮᠢᠵᠢᠷᠠᠯ ᠤᠨ | ᠬᠦᠴᠦᠨ ᠢᠶᠠᠨ ᠪᠠᠳᠠᠷᠠᠭᠤᠯᠪᠠ᠃ ᠳᠤᠮᠳᠠᠳᠤ ᠤᠷᠤᠰ ᠤᠨ ᠰᠣᠶᠣᠯ ᠤᠨ ᠣᠨ ᠭᠤᠶᠢᠳᠠ ᠰᠠᠶᠢᠬᠠᠨ ᠶᠠᠪᠤᠭᠳᠠᠵᠤ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠲᠣᠭᠲᠠᠭᠤᠨ ᠤ ᠳᠤᠮᠳᠠ ᠤᠷᠤᠭᠰᠢᠯᠠᠵᠤ᠂ ᠬᠤᠶᠠᠷ ᠲᠠᠯ᠎ᠠ ᠶᠢᠨ ᠠᠷᠠᠯᠵᠢᠶᠠᠨ ᠤ | ᠬᠡᠮᠵᠢᠶ᠎ᠡ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ ᠵᠡᠷᠭᠡ ᠤᠯᠠᠨ ᠲᠠᠯᠠᠲᠤ ᠲᠠᠪᠴᠠᠩ ᠳᠤ | ᠨᠢᠭᠲᠠ ᠬᠠᠮᠵᠢᠯᠴᠠᠵᠤ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ | ᠨᠡᠩ ᠤᠯᠠᠨ ᠢᠳᠡᠪᠬᠢ ᠬᠦᠴᠦᠨ ᠬᠠᠩᠭᠠᠵᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠨᠢᠭᠡ ᠵᠢᠯ ᠳᠤ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠲᠠᠢ ᠬᠠᠮᠲᠤ ᠪᠠᠷ᠂ ᠳᠤᠮᠳᠠᠳᠤ | ᠤᠷᠤᠰ ᠤᠨ ᠬᠠᠷᠢᠯᠴᠠᠭ᠎ᠠ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠶᠢ ᠬᠥᠲᠥᠯᠥᠨ ᠳᠠᠭᠠᠭᠤᠯᠵᠤ᠂ ᠳᠤᠮᠳᠠᠳᠤ | ᠤᠷᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠣᠯᠣᠨ ᠤᠶᠠᠨ ᠬᠠᠳᠠᠨ ᠴᠢᠨᠠᠷ ᠢᠶᠠᠷ ᠭᠠᠳᠠᠭᠠᠳᠤ ᠣᠷᠴᠢᠨ ᠤ | ᠲᠤᠬᠳᠠᠭᠠᠯᠳᠤ ᠪᠤᠰᠤ ᠴᠢᠨᠠᠷ ᠢ ᠠᠷᠭᠠᠴᠠᠭᠠᠵᠤ᠂ ᠬᠤᠶᠠᠷ ᠤᠯᠤᠰ ᠤᠨ ᠬᠥᠭᠵᠢᠯ ᠮᠠᠨᠳᠤᠯ ᠢ ᠬᠠᠮᠲᠤ ᠪᠠᠷ ᠠᠬᠢᠭᠤᠯᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ | ᠪᠣᠳᠣᠯᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠷᠢᠯᠴᠠᠨ ᠡᠷᠡᠰ ᠳᠡᠮᠵᠢᠯᠴᠡᠵᠦ᠂ ᠬᠤᠶᠠᠷ | ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠠᠮᠠᠭᠠᠯᠠᠶ᠎ᠠ᠃ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠬᠢᠵᠢᠭᠦᠯᠦᠨ | ᠥᠷᠭᠡᠳᠬᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠶ᠎ᠠ᠃ ᠡᠨᠡ ᠵᠢᠯ | ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ᠂ ᠵᠥᠪᠯᠡᠯᠲᠦ ᠬᠤᠯᠪᠣᠭᠠᠲᠤ ᠤᠯᠤᠰ ᠤᠨ | ᠠᠭᠤᠤ ᠶᠡᠭᠡ ᠤᠯᠤᠰ ᠢᠶᠠᠨ ᠬᠠᠮᠠᠭᠠᠯᠠᠬᠤ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ | 80 ᠵᠢᠯ ᠤᠨ ᠣᠶ ᠪᠤᠯᠬᠤ ᠪᠥᠭᠡᠳ ᠪᠠᠰᠠ ᠴᠤ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 | ᠵᠢᠯ ᠤᠨ ᠣᠶ ᠪᠣᠯᠣᠨ᠎ᠠ᠃ ᠳᠤᠮᠳᠠᠳᠤ ᠤᠷᠤᠰ ᠬᠤᠶᠠᠷ ᠤᠯᠤᠰ ᠡᠭᠦᠨ ᠢᠶᠠᠷ ᠠᠵᠠ ᠲᠣᠭᠢᠶᠠᠯ ᠪᠤᠯᠭᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠳᠡᠯᠡᠬᠡᠢ ᠶᠢᠨ | ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠬᠠᠮᠠᠭᠠᠯᠠᠵᠤ᠂ ᠡᠯ᠎ᠡ ᠤᠯᠤᠰ ᠤᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠣᠯᠣᠨ ᠵᠠᠷᠴᠢᠮ ᠢ ᠬᠢᠴᠢᠶᠡᠩᠭᠦᠶᠢᠯᠡᠨ | ᠵᠢᠷᠤᠮᠯᠠᠬᠤ ᠶᠢ ᠠᠬᠢᠭᠤᠯᠵᠤ᠂ ᠨᠡᠶᠢᠳᠡᠮ ᠢᠶᠠᠷ ᠢᠶᠠᠨ ᠮᠡᠳᠡᠷᠡᠵᠦ ᠪᠠᠶᠢᠭ᠎ᠠ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ | ᠪᠠᠷᠢᠮᠵᠢᠶ᠎ᠠ ᠶᠢ ᠪᠠᠷᠢᠮᠲᠠᠯᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶ᠎ᠡ᠃ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ᠂ | ᠳᠤᠮᠳᠠᠳᠤ ᠤᠯᠤᠰ ᠳᠤᠷᠠᠲᠠᠶ᠎ᠠ ᠤᠷᠤᠰ ᠪᠣᠯᠣᠨ ᠪᠤᠰᠤᠳ ᠪᠦᠷᠢᠯᠳᠦᠭᠦᠨ ᠤᠯᠤᠰ ᠲᠠᠢ ᠬᠠᠮᠲᠤ ᠪᠠᠷ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠨᠡᠩ ᠴᠢᠨᠠᠷ ᠰᠠᠶᠢᠲᠠᠢ ᠬᠥᠭᠵᠢᠯᠲᠡ᠂ ᠨᠡᠩ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠬᠤ ᠰᠢᠨ᠎ᠡ ᠱᠠᠲᠤᠨ ᠳᠤ ᠣᠷᠣᠬᠤ ᠶᠢ ᠠᠬᠢᠭᠤᠯᠤᠨ᠎ᠠ᠃ ᠳᠤᠮᠳᠠᠳᠤ ᠤᠷᠤᠰ ᠪᠠᠰᠠ ︽ᠲᠣᠮᠣ | ᠠᠯᠳᠠᠨ ᠲᠣᠭᠤᠰᠭ᠋᠎ᠠ ᠤᠯᠤᠰ ᠤᠳ ᠤᠨ ᠬᠠᠮᠲᠤᠷᠠᠯᠴᠠᠭ᠎ᠠ︾ ᠶᠢ ᠬᠠᠮᠲᠤ ᠪᠠᠷ ᠠᠬᠢᠭᠤᠯᠵᠤ᠂ ᠪᠦᠭᠦ ᠪᠥᠮᠪᠥᠷᠴᠡᠭ ᠤᠨ | ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠵᠦ ᠥᠪᠡᠷ ᠢ ᠪᠠᠨ ᠬᠦᠴᠦᠷᠬᠡᠭᠵᠢᠭᠦᠯᠬᠦ ᠰᠢᠨ᠎ᠡ ᠬᠠᠭᠤᠳᠠᠰᠤ ᠶᠢ | ᠪᠢᠴᠢᠭᠯᠡᠶ᠎ᠡ ᠭᠡᠵᠦ ᠴᠢᠬᠤᠯᠠᠴᠢᠯᠠᠪᠠ᠃ | ᠫᠦᠲ᠋ᠢᠨ᠂ ᠤᠷᠤᠰ ᠳᠤᠮᠳᠠᠳᠤ ᠢᠮᠠᠭᠲᠠ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠯᠴᠡᠵᠦ᠂ ᠡᠷᠬᠡ ᠲᠡᠭᠰᠢ ᠪᠠᠷ | ᠬᠠᠨᠳᠤᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠲᠠᠢ | ᠨᠡᠶᠢᠴᠡᠵᠦ᠂ ᠳᠡᠯᠡᠬᠡᠢ ᠶᠢᠨ ᠪᠠᠶᠢᠳᠠᠯ ᠤᠨ ᠬᠤᠪᠢᠷᠠᠯᠲᠠ ᠳᠤ ᠨᠥᠯᠥᠭᠡᠯᠡᠭᠳᠡᠬᠦ ᠦᠭᠡᠢ ᠶᠤᠮ᠃ ᠬᠤᠶᠠᠷ ᠤᠯᠤᠰ ᠤᠨ ᠠᠵᠤ | ᠠᠬᠤᠢ ᠠᠷᠠᠯᠵᠢᠶ᠎ᠠ᠂ ᠡᠨᠧᠷᠭᠢ ᠶᠢᠨ ᠬᠠᠮᠲᠤᠷᠠᠯᠴᠠᠭ᠎ᠠ ᠰᠠᠶᠢᠨ ᠰᠠᠶᠢᠬᠠᠨ ᠬᠠᠨᠳᠤᠰᠢ ᠪᠠᠨ ᠪᠠᠲᠤᠯᠠᠵᠤ᠂ ᠬᠠᠷᠢᠯᠴᠠᠨ | ᠠᠶᠢᠯᠴᠢᠯᠠᠬᠤ ᠵᠢᠭᠤᠯᠴᠢᠯᠠᠭᠴᠢᠳ ᠲᠠᠰᠤᠷᠠᠯᠳᠠ ᠦᠭᠡᠢ ᠨᠡᠮᠡᠭᠳᠡᠵᠦ᠂ ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠲᠠᠯᠠᠪᠤᠷ ᠲᠤ | ᠨᠢᠭᠲᠠ ᠣᠯᠣᠯᠴᠠᠭ᠎ᠠ ᠬᠠᠮᠵᠢᠯᠴᠠᠭ᠎ᠠ ᠪᠠᠨ ᠪᠠᠲᠤᠯᠠᠭᠰᠠᠨ ᠳᠤ ᠮᠠᠰᠢ ᠪᠠᠶᠠᠷ ᠲᠠᠢ ᠪᠠᠶᠢᠨ᠎ᠠ᠃ ᠤᠷᠤᠰ ᠤᠨ ᠬᠢᠨ ᠲᠠᠶᠢᠸᠠᠨ | ᠪᠣᠯ ᠳᠤᠮᠳᠠᠳᠤ ᠤᠯᠤᠰ ᠤᠨ ᠨᠤᠲᠤᠭ ᠳᠡᠪᠢᠰᠬᠡᠷ ᠤᠨ ᠰᠠᠯᠵᠤ ᠪᠣᠯᠣᠰᠢ ᠦᠭᠡᠢ ᠨᠢᠭᠡ ᠬᠡᠰᠡᠭ ᠪᠤᠯᠬᠤ ᠶᠢ ᠡᠷᠡᠰ ᠳᠡᠮᠵᠢᠵᠦ᠂ | ᠶᠠᠮᠠᠷᠪᠠ ᠭᠡᠯᠪᠡᠷᠢ ᠶᠢᠨ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠠᠵᠢᠯᠯᠠᠭ᠎ᠠ ᠶᠢ ᠡᠷᠡᠰ ᠡᠰᠡᠷᠭᠦᠴᠡᠨ᠎ᠡ᠃ 80 | ᠵᠢᠯ ᠤᠨ ᠡᠮᠦᠨ᠎ᠡ᠂ ᠤᠷᠤᠰ ᠳᠤᠮᠳᠠᠳᠤ ᠬᠤᠶᠠᠷ ᠤᠯᠤᠰ ᠠᠷᠢᠭᠤᠨ ᠴᠢᠰᠤ ᠪᠠ ᠠᠮᠢ ᠨᠠᠰᠤ ᠪᠠᠷ ᠢᠶᠠᠨ | ᠲᠦᠷᠢᠮᠡᠬᠡᠶᠢᠯᠡᠭᠴᠢᠳ ᠢ ᠡᠰᠡᠷᠭᠦᠴᠡᠵᠦ᠂ ᠤᠯᠤᠰ ᠤᠨ ᠡᠷᠬᠡ ᠮᠡᠳᠡᠯ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠪᠠ᠃ | ᠡᠨᠡ ᠵᠢᠯ ᠪᠢᠳᠡ ᠬᠠᠮᠲᠤ ᠪᠠᠷ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠣᠯᠣᠭᠰᠠᠨ 80 ᠵᠢᠯ ᠤᠨ | ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠳᠡᠯᠡᠬᠡᠢ ᠶᠢᠨ ᠬᠤᠶᠠᠳᠤᠭᠠᠷ ᠲᠠᠶᠢᠨ ᠤ ᠦᠷ᠎ᠡ ᠪᠦᠲᠦᠭᠡᠯ ᠢ ᠬᠠᠮᠠᠭᠠᠯᠠᠨ᠎ᠠ᠃ | ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠲᠠᠯᠠᠲᠤ ᠬᠡᠷᠡᠭ ᠶᠠᠪᠤᠳᠠᠯ ᠳᠠᠬᠢ ᠬᠠᠮᠲᠤᠷᠠᠯᠴᠠᠭ᠎ᠠ ᠪᠠᠨ | ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ | ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠢᠨ᠎ᠡ ᠨᠢᠭᠡ ᠵᠢᠯ ᠳᠤ ᠪᠠᠶᠢᠯᠳᠤᠬᠤ ᠪᠣᠳᠣᠯᠭ᠎ᠠ ᠶᠢᠨ | ᠣᠯᠣᠯᠴᠠᠭ᠎ᠠ ᠪᠠᠨ ᠦᠷᠭᠦᠯᠵᠢᠯᠡᠨ ᠪᠠᠲᠤᠯᠠᠬᠤ ᠶᠢ ᠵᠥᠪᠰᠢᠶᠡᠷᠡᠪᠡ᠃ | ᠸᠠᠩ ᠢ ᠠᠵᠢᠯᠯᠠᠭ᠎ᠠ ᠳᠤ ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |