ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠣᠬᠢᠷᠠᠭᠤᠯᠤᠨ ᠪᠠᠶᠢᠷᠢᠯᠠᠭᠤᠯᠪᠠ᠃ | ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ 2025 ᠣᠨ ᠤ ᠡᠮ ᠡᠮᠨᠡᠯᠭᠡ ᠶᠢᠨ | ᠳᠠᠭᠠᠳᠬᠠᠯ ᠲᠤᠰᠢᠶᠠᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠪᠥᠬᠦ | ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠠᠵᠢᠯ ᠢ ᠴᠠᠭ ᠲᠤᠬᠠᠶ ᠳᠤᠨᠢ ᠲᠤᠭ᠎ᠠ ᠶᠣᠰᠣᠭᠠᠷ | ᠪᠡᠶᠡᠯᠡᠭᠦᠯᠬᠦ ᠳᠤ ᠪᠠᠲᠤᠯᠠᠭ᠎ᠠ ᠬᠠᠩᠭᠠᠪᠠ᠃ | ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ | ᠪᠣᠳᠠᠲᠠᠶᠢᠵᠢᠭᠤᠯᠪᠠ᠃ ᠸᠢᠴᠠᠲ ᠤᠨ ᠨᠡᠶᠢᠲᠡ ᠶᠢᠨ ᠳ᠋ᠤᠭᠠᠷ᠂ ᠸᠢᠴᠠᠲ ᠤᠨ ᠠᠵᠢᠯ ᠤᠨ ᠴᠤᠭᠯᠠᠷᠠᠯ᠂ ︽ᠲᠣᠰᠬᠤᠨ ᠤ | ᠳᠠᠭᠤᠨ︾ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ | ᠪᠣᠳᠣᠯᠭ᠎ᠠ ᠶᠢ ᠤᠬᠠᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠳᠤ ᠰᠦᠢᠳᠭᠡᠯ ᠲᠤᠰᠢᠶᠠᠬᠤ ᠪᠠᠷᠢᠮᠵᠢᠶ᠎ᠠ᠂ | ᠲᠠᠩᠰᠠ ᠲᠠᠶᠢᠯᠬᠤ ᠬᠠᠷᠢᠴᠠᠯ᠂ ᠲᠠᠩᠰᠠ ᠲᠠᠶᠢᠯᠬᠤ ᠶᠠᠪᠤᠴᠠ ᠵᠡᠷᠭᠡ ᠵᠠᠩᠭᠢᠯᠠᠭ᠎ᠠ ᠶᠢᠨ ᠮᠡᠳᠡᠭᠡ ᠵᠠᠩᠭᠢ ᠶᠢ | ᠣᠶᠢᠯᠠᠭᠠᠭᠤᠯᠵᠤ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ ᠲᠡᠭᠡᠭᠰᠢᠯᠡᠬᠦᠯᠪᠡ᠃ | ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠬᠡᠷᠡᠭᠵᠢᠭᠦᠯᠬᠦ ᠶᠢ ᠴᠢᠩᠭᠠᠳᠬᠠᠵᠤ᠂ ᠠᠵᠢᠯᠯᠠᠭ᠎ᠠ ᠶᠢ ᠪᠣᠳᠠᠲᠠᠢ ᠳᠤ | ᠨᠠᠶᠢᠳᠠᠪᠤᠷᠢᠵᠢᠭᠤᠯᠪᠠ ᠃ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠪᠦᠯᠬᠦᠮ ᠳᠠᠭᠠᠭᠤᠯᠤᠨ᠂ ᠪᠥᠬᠦ ᠪᠠᠯᠭᠠᠰᠤᠨ ᠤ | ᠺᠠᠳ᠋ᠷ ᠳᠤᠭᠤᠶᠢᠯᠠᠩ ᠬᠤᠪᠢᠶᠠᠨ ᠭᠠᠴᠠᠭ᠎ᠠ ᠲᠣᠰᠬᠤᠨ ᠳᠤ ᠬᠦᠷᠴᠦ ᠡᠷᠦᠬᠡ ᠳᠤ ᠬᠦᠷᠴᠦ᠂ ᠣᠯᠠᠨ ᠲᠦᠮᠡᠨ ᠲᠠᠢ ︽ | ᠠᠰᠢᠭ ᠲᠤᠰᠠ ᠶᠢᠨ ᠲᠠᠩᠰᠠ︾ ᠶᠢ ᠨᠢᠭᠤᠷᠲᠠᠨ ᠪᠤᠳᠤᠵᠤ᠂ ᠬᠦᠯᠢᠴᠡᠩᠭᠦᠶ ᠪᠠᠷ ᠲᠥᠷᠥ ᠶᠢᠨ ᠪᠣᠳᠣᠯᠭ᠎ᠠ ᠶᠢ ᠶᠠᠷᠢᠵᠤ᠂ | ᠰᠦᠢᠳᠭᠡᠯ ᠲᠤᠰᠢᠶᠠᠵᠤ ᠴᠢᠳᠠᠬᠤ ᠥᠬᠡᠶ ᠬᠦᠮᠦᠰ ᠳᠤ ᠺᠠᠳ᠋ᠷ ᠬᠠᠪᠰᠤᠷᠤᠨ ᠲᠤᠰᠢᠶᠠᠵᠤ᠂ ︽ᠪᠥᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠵᠤ᠂ ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠨᠢᠭᠡ | ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃ | |