ᠨᠡᠶᠢᠲᠡᠯᠡᠭᠰᠡᠨ ᠴᠠᠭ᠄ 2025/1/23 | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ | ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ | ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ ᠡᠳᠦᠷ ᠢ ᠬᠠᠮᠲᠤ ᠪᠠᠷ ᠤᠭᠲᠤᠪᠠ᠃ | ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ | ᠨᠠᠮ ᠪᠦᠯᠦᠭ ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠨᠢᠭᠡᠳᠦᠮᠡᠯ | ᠹᠷᠣᠨᠲ ᠤᠨ ᠥᠷᠭᠡᠨ ᠤᠯᠠᠨ ᠪᠦᠷᠢᠯᠳᠦᠭᠦᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ | ᠳᠡᠪᠰᠢᠭᠦᠯᠪᠡ᠃ | |  1 ᠰᠠᠷ᠎ᠠ ᠶᠢᠨ 20 ᠤ ᠡᠳᠦᠷ᠂ ᠰᠢ ᠶᠢᠨ ᠫᠢᠩ᠂ ᠸᠠᠩ ᠬᠤ᠋ ᠨᠢᠩ᠂ ᠼᠠᠢ ᠴᠢ ᠨᠠᠷ ᠪᠡᠭᠡᠵᠢᠩ ᠳᠠᠬᠢ ᠠᠷᠠᠳ ᠤᠨ | ᠶᠡᠭᠡ ᠬᠤᠷᠠᠯ ᠤᠨ ᠲᠠᠩᠬᠢᠮ ᠳᠤ ᠨᠠᠮ ᠤᠨ ᠭᠠᠳᠠᠨᠠᠬᠢ ᠬᠥᠮᠥᠰ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ | ᠡᠳᠦᠷ ᠢ ᠬᠠᠮᠲᠤ ᠪᠠᠷ ᠤᠭᠲᠤᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ᠃ | | ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ | ᠵᠢᠶᠠᠨ ᠪᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠳ᠋ᠢᠩ | ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ | ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠲᠥᠪ ᠬᠤᠷᠢᠶ᠎ᠠ ᠶᠢᠨ | ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠲᠥᠪ | ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᠳᠤᠮᠳᠠᠳᠤ ᠤᠯᠤᠰ ᠤᠨ ᡁᠢᠭᠦ᠋ᠩᠳᠠᠩ ᠨᠠᠮ ᠤᠨ ᠲᠥᠪ ᠬᠤᠷᠢᠶ᠎ᠠ ᠶᠢᠨ | ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠲᠥᠪ ᠬᠤᠷᠢᠶ᠎ᠠ ᠶᠢᠨ | ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ | ᠬᠤᠷᠢᠶ᠎ᠠ ᠶᠢᠨ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠰᠢᠶᠧ ᠰᠢᠶᠣᠣ ᠯᠢᠶᠠᠩ | ᠂ ᠰᠢᠦᠢ ᠸᠧᠢ ᠭᠠᠩ ᠨᠠᠷ ᠤᠷᠢᠯᠭ᠎ᠠ ᠪᠠᠷ ᠣᠷᠣᠯᠴᠠᠵᠠᠢ᠃ ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ | ᠪᠠᠶᠢᠷᠢ ᠠᠴᠠ ᠪᠠᠨ ᠪᠠᠭᠤᠭᠰᠠᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ ᠳᠡᠳ᠋ ᠲᠡᠷᠢᠭᠦᠯᠡᠭᠴᠢ ᠪᠣᠯᠣᠨ | ᠪᠠᠶᠢᠩᠭᠤ ᠶᠢᠨ ᠳᠡᠳ᠋ ᠲᠡᠷᠢᠭᠦᠯᠡᠭᠴᠢ ᠪᠤᠢ᠃ | ᠼᠠᠢ ᠳ᠋ᠠ ᠹᠧᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠪᠡ᠃ | ᠲᠡᠷᠡ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ᠂ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢ ᠠᠮᠵᠢᠯᠲᠠ ᠲᠠᠢ | ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠲᠣᠭᠲᠠᠭᠠᠯ ᠭᠠᠷᠭᠠᠵᠤ᠂ ᠥᠷᠢᠰᠦᠯᠳᠦᠭᠡᠨ ᠢ | ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠥᠭᠡᠷᠡᠴᠢᠯᠡᠯᠲᠡ ᠬᠥᠭᠵᠢᠯᠲᠡ ᠰᠢᠨ᠎ᠡ ᠠᠮᠵᠢᠯᠲᠠ ᠭᠢᠯᠪᠡᠷ ᠪᠤᠰᠤ | ᠪᠦᠲᠦᠮᠵᠢ ᠣᠯᠪᠠ᠃ ᠰᠢᠨ᠎ᠡ ᠨᠢᠭᠡ ᠵᠢᠯ ᠳᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ | ᠪᠠᠶᠢᠵᠤ᠂ ᠨᠠᠮ ᠪᠣᠯᠣᠨ ᠤᠯᠤᠰ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠤᠬᠠᠭᠠᠨ ᠬᠦᠴᠦᠨ | ᠴᠢᠳᠠᠯ ᠢᠶᠠᠨ ᠲᠥᠪᠯᠡᠷᠡᠭᠦᠯᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠬᠡᠷᠡᠭᠲᠡᠢ ᠭᠡᠵᠦ ᠢᠯᠡᠳᠬᠡᠪᠡ᠃ | ᠼᠠᠢ ᠳ᠋ᠠ ᠹᠧᠩ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ | ᠂ 2024 ᠣᠨ ᠪᠣᠯ ᠪᠢᠳᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ | ᠪᠣᠯᠣᠨ᠎ᠠ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ | ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ | ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ ᠠᠯᠬᠤᠭ᠎ᠠ ᠶᠢ ᠠᠯᠬᠤᠪᠠ᠃ ᠪᠢᠳᠡ ᠡᠯ᠎ᠡ ᠱᠠᠲᠤ ᠡᠯ᠎ᠡ | ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠠᠰᠢᠭᠲᠠᠢ ᠨᠥᠬᠦᠴᠡᠯ ᠪᠠ ᠠᠰᠢᠭ ᠦᠭᠡᠢ ᠬᠦᠴᠦᠨ ᠵᠦᠢᠯ ᠢ | ᠵᠥᠪ ᠡᠵᠡᠮᠳᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠵᠠᠪᠠᠯ ᠢᠯᠠᠬᠤ ᠢᠲᠡᠭᠡᠯ | ᠵᠣᠷᠢᠭ ᠢ ᠨᠢ ᠨᠡᠮᠡᠭᠳᠡᠭᠦᠯᠪᠡ᠃ ᠪᠢᠳᠡ ᠡᠯ᠎ᠡ ᠵᠦᠢᠯ ᠤᠨ ᠬᠠᠳᠠᠭᠠᠯᠠᠮᠵᠢ ᠶᠢᠨ ᠲᠦᠷᠦ ᠶᠢᠨ ᠪᠣᠳᠣᠯᠭ᠎ᠠ ᠶᠢ ᠪᠦᠲᠦᠮᠵᠢᠲᠡᠢ | ᠨᠠᠶᠢᠳᠠᠪᠤᠷᠢᠵᠢᠭᠤᠯᠵᠤ᠂ ᠬᠠᠮ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠰᠠᠶᠢᠵᠢᠷᠠᠯᠲᠠ ᠲᠠᠢ ᠪᠣᠯᠵᠤ᠂ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 5% ᠪᠠᠷ ᠨᠡᠮᠡᠭᠳᠡᠪᠡ᠃ ᠪᠢᠳᠡ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ | ᠠᠯᠢ ᠤᠯᠠᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠴᠦᠲᠡᠢ ᠠᠬᠢᠭᠤᠯᠪᠠ᠃ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ | ᠵᠦᠢᠯ ᠤᠨ ᠠᠵᠢᠯ ᠦᠢᠯᠡᠰ ᠤᠨ ᠵᠣᠬᠢᠴᠠᠩᠭᠤᠢ ᠪᠠᠷ ᠵᠡᠷᠭᠡᠴᠡᠨ ᠤᠷᠤᠭᠰᠢᠯᠠᠬᠤ ᠶᠢ ᠴᠢᠬᠤᠯᠠᠴᠢᠯᠠᠵᠤ᠂ ᠠᠷᠠᠳ ᠤᠨ | ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠠᠷᠠᠳ ᠤᠯᠠᠨ ᠨᠡᠩ ᠤᠯᠠᠨ ᠬᠦᠷᠲᠡᠮᠵᠢ ᠶᠢᠨ | ᠲᠥᠷᠥᠭᠳᠡᠯ ᠲᠠᠢ ᠪᠣᠯᠪᠠ᠃ ᠪᠢᠳᠡ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠪᠢᠳᠡ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ | ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠥᠭᠵᠢᠯᠲᠡ ᠳᠠᠪᠰᠢᠯᠳᠠ ᠶᠢ ᠠᠬᠢᠭᠤᠯᠬᠤ ᠳᠤ ᠨᠡᠩ ᠤᠯᠠᠨ ᠢᠳᠡᠪᠬᠢ ᠬᠦᠴᠦᠨ | ᠨᠡᠮᠡᠷᠢᠯᠡᠪᠡ᠃ ᠪᠢᠳᠡ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠡᠷᠡᠰ ᠭᠤᠶᠢᠪᠢᠰᠢ ᠦᠭᠡᠢ ᠪᠠᠷ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ | ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ | ᠶᠠᠪᠤᠳᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ | ᠪᠠᠰᠠ ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ | ᠪᠤᠰᠤ ᠬᠥᠮᠥᠰ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠵᠦ᠂ ᠮᠡᠷᠡᠶᠢᠨ ᠴᠢᠷᠮᠠᠶᠢᠭᠰᠠᠨ ᠤ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ 2024 ᠣᠨ ᠪᠣᠯ ᠪᠠᠰᠠ ᠴᠤ ᠣᠯᠠᠨ ᠨᠠᠮ ᠬᠠᠮᠲᠤᠷᠠᠨ ᠠᠵᠢᠯᠯᠠᠬᠤ ᠦᠢᠯᠡᠰ ᠤᠨ ᠲᠥᠪ ᠶᠣᠰᠣ ᠶᠢ | ᠰᠠᠬᠢᠵᠤ ᠰᠢᠨ᠎ᠡ ᠶᠢ ᠡᠭᠦᠳᠴᠦ᠂ ᠥᠷᠨᠢᠭᠦᠨ ᠬᠥᠭᠵᠢᠭᠰᠡᠨ ᠨᠢᠭᠡ ᠵᠢᠯ ᠮᠥᠨ᠃ ᠡᠯ᠎ᠡ ᠠᠷᠠᠳᠴᠢᠯᠠᠭᠰᠠᠨ ᠨᠠᠮ ᠪᠦᠯᠦᠭ | ᠪᠣᠯᠣᠨ ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠪᠡ᠃ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ | ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠶᠡᠭᠡ ᠬᠡᠮᠵᠢᠶᠡᠨ ᠤ ᠠᠵᠢᠯ ᠬᠢᠵᠡᠢ ᠭᠡᠵᠦ | ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢ ᠲᠥᠯᠥᠭᠡᠯᠡᠨ᠂ ᠤᠯᠠᠨ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ︕ ᠭᠡᠵᠦ ᠢᠯᠡᠳᠬᠡᠪᠡ᠃ | ᠰᠢ ᠶᠢᠨ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ | ᠬᠤᠷᠢᠶᠠᠬᠤ ᠵᠢᠯ ᠮᠥᠨ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ | ᠪᠠᠷᠢᠮᠲᠠᠯᠠᠵᠤ᠂ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ ᠠᠳᠬᠤᠵᠤ᠂ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ | ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ | ᠬᠥᠮᠥᠰ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠥᠪᠡᠷ ᠥᠪᠡᠷ ᠤᠨ ᠳᠠᠪᠠᠭᠤᠯᠢᠭ ᠢᠶᠠᠨ | ᠪᠠᠳᠠᠷᠠᠭᠤᠯᠵᠤ᠂ ᠨᠡᠩ ᠥᠷᠭᠡᠨ ᠳᠡᠯᠭᠡᠷᠡᠩᠭᠦᠢ ᠪᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ | ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ | ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠢᠵᠢᠯᠢ ᠲᠥᠪᠲᠦ ᠲᠣᠭᠤᠷᠢᠭ ᠢ ᠤᠯᠠᠮ ᠨᠢᠭᠡ ᠠᠯᠬᠤᠮ ᠰᠠᠶᠢᠲᠤᠷ ᠵᠢᠷᠤᠬᠤ | ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠡᠨᠡ ᠬᠦ ᠳᠤᠮᠳᠠᠳᠤ ᠤᠯᠤᠰ ᠤᠨ ᠰᠢᠨ᠎ᠡ | ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠦᠨᠳᠦᠰᠦᠨ ᠣᠨᠴᠠᠯᠢᠭ ᠢ ᠪᠠᠲᠤ ᠡᠵᠡᠮᠳᠡᠵᠦ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ | ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ ᠰᠡᠳᠬᠢᠯ ᠢ | ᠳᠤᠯᠠᠭᠠᠴᠠᠭᠤᠯᠬᠤ᠂ ᠰᠡᠳᠬᠢᠯ ᠢ ᠨᠢᠭᠡᠳᠬᠡᠬᠦ ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ | ᠦᠨᠡᠨ ᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ᠂ ᠭᠤᠣᠯ | ᠠᠵᠢᠯ ᠲᠠᠢ ᠪᠠᠨ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ | ᠡᠷᠭᠦᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠶᠢᠨ | ᠰᠠᠨᠠᠭᠤᠯᠭ᠎ᠠ ᠳᠤᠷᠠᠳᠬᠤ ᠵᠡᠷᠭᠡ ᠲᠠᠢ ᠨᠢᠭᠲᠠ ᠤᠶᠠᠯᠳᠤᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ | ᠶᠠᠪᠤᠳᠠᠯ ᠢ ᠵᠥᠪᠯᠡᠵᠦ᠂ ᠬᠥᠬᠡᠮᠥ᠋ᠷᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ | ᠪᠡᠷᠬᠡ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ | ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ ᠬᠥᠲᠥᠯᠥᠨ ᠵᠢᠯᠤᠭᠤᠳᠴᠤ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ | ᠨᠢ ᠪᠠᠲᠤᠯᠠᠵᠤ᠂ ᠬᠥᠭᠵᠢᠯᠲᠡ ᠶᠢᠨ ᠢᠲᠡᠭᠡᠯ ᠢ ᠨᠢ ᠬᠥᠪᠴᠢᠯᠡᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ | ᠳᠦᠷᠢᠮ ᠢ ᠲᠣᠭᠲᠠᠭᠠᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ | ᠥᠷᠭᠡᠨ ᠤᠯᠠᠨ ᠪᠦᠷᠢᠯᠳᠦᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠬᠤ᠂ ᠰᠢᠯᠢᠳᠡᠭ | ᠤᠯᠠᠮᠵᠢᠯᠠᠯ ᠢᠶᠠᠨ ᠵᠠᠯᠭᠠᠮᠵᠢᠯᠠᠬᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠬᠤ ᠶᠢ ᠬᠥᠲᠥᠯᠥᠨ | ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠬᠤ ᠪᠠᠷ ᠳᠠᠮᠵᠢᠨ ᠰᠤᠷᠲᠠᠯ ᠢ | ᠬᠤᠪᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ | ᠬᠡᠷᠡᠭᠲᠡᠢ᠃ | ᠱᠢ ᠲᠠᠢ ᠹᠧᠩ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠥᠪ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | | |