ᠨᠡᠶᠢᠲᠡᠯᠡᠭᠰᠡᠨ ᠴᠠᠭ᠄ 2025/1/23 | | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ 17 ᠤ ᠡᠳᠦᠷ ᠪᠡᠭᠡᠵᠢᠩ ᠳᠤ ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ | ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠬᠯᠠᠯᠲᠠ ᠡᠷᠭᠢᠯᠡᠪᠡ᠃ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠣᠬᠯᠠᠯᠲᠠ ᠶᠢ ᠰᠣᠨᠢᠷᠬᠠᠵᠤ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ | ᠨᠥᠬᠦᠳ᠂ ᠪᠦᠭᠦ ᠴᠡᠷᠢᠭ ᠤᠨ ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ | ᠺᠠᠳ᠋ᠷᠴᠤᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | 中央军委举办慰问驻京部队老干部迎新春文艺演出习近 | 平向全军老同志致以新春问候1.jpg |  1 ᠰᠠᠷ᠎ᠠ ᠶᠢᠨ 17 ᠤ ᠦᠳᠡ ᠶᠢᠨ ᠬᠤᠶᠢᠨ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠡᠭᠡᠵᠢᠩ ᠳᠤ | ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠢ ᠲᠣᠬᠤᠨᠢᠭᠤᠯᠬᠤ ᠴᠠᠭᠠᠨ ᠰᠠᠷ᠎ᠠ ᠶᠢᠨ ᠤᠷᠠᠨ ᠰᠠᠶᠢᠬᠠᠨ ᠤ | ᠲᠣᠬᠯᠠᠯᠲᠠ ᠪᠡᠭᠡᠵᠢᠩ ᠳᠤ ᠶᠠᠪᠤᠭᠳᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | ᠲᠣᠬᠯᠠᠯᠲᠠ ᠶᠢ ᠰᠣᠨᠢᠷᠬᠠᠵᠤ᠂ ᠠᠳᠡ ᠪᠠᠶᠢᠭ᠎ᠠ ᠴᠡᠷᠢᠭ ᠠᠩᠭᠢ ᠶᠢᠨ ᠠᠬᠠᠮᠠᠳ ᠨᠥᠬᠦᠳ᠂ ᠪᠦᠭᠦ ᠴᠡᠷᠢᠭ ᠤᠨ | ᠠᠵᠢᠯ ᠠᠴᠠ ᠪᠠᠨ ᠳᠠᠷᠬᠠᠯᠠᠬᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠲᠤ ᠪᠠᠶᠠᠷ ᠤᠨ ᠡᠳᠦᠷ ᠤᠨ | ᠮᠡᠨᠳᠦᠴᠢᠯᠡᠯ ᠪᠠ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ | ᠭᠠᠩ ᠰᠡᠭᠦᠳᠡᠷᠯᠡᠪᠡ | ᠴᠠᠭᠠᠨ ᠰᠠᠷ᠎ᠠ ᠣᠶᠢᠷᠠᠳᠬᠤᠶ᠎ᠠ᠂ ᠨᠡᠶᠢᠰᠯᠡᠯ ᠪᠡᠭᠡᠵᠢᠩ ᠳᠤ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠪᠢᠯᠬᠠᠵᠤ᠂ | ᠳᠤᠮᠳᠠᠳᠤ ᠤᠯᠤᠰ ᠤᠨ ᠲᠢᠶᠠᠲᠷ ᠲᠤ ᠥᠩᠭᠡᠲᠦ ᠳ᠋ᠧᠩ ᠳᠤᠸᠠᠯᠠᠨ᠂ ᠣᠨᠴᠠ ᠶᠢᠨ ᠬᠠᠯᠠᠭᠤᠨ ᠳᠣᠲᠣᠨᠣ ᠪᠠᠶᠢᠵᠤ᠂ ᠰᠢᠨ᠎ᠡ | ᠳᠤᠮᠳᠠᠳᠤ ᠤᠯᠤᠰ ᠢ ᠪᠠᠶᠢᠭᠤᠯᠬᠤ᠂ ᠬᠠᠮᠠᠭᠠᠯᠠᠬᠤ᠂ ᠪᠦᠲᠦᠭᠡᠨ ᠪᠠᠶᠢᠭᠤᠯᠬᠤ ᠳᠤ ᠂ ᠤᠯᠤᠰ ᠤᠨ ᠪᠠᠲᠤᠯᠠᠨ ᠬᠠᠮᠠᠭᠠᠯᠠᠯᠲᠠ | ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠡᠭᠡᠵᠢᠩ ᠳᠤ | ᠰᠠᠭᠤᠭ᠎ᠠ ᠴᠡᠷᠢᠭ ᠠᠩᠭᠢ ᠶᠢᠨ ᠠᠬᠠᠮᠠᠳ ᠺᠠᠳ᠋ᠷᠴᠤᠳ ᠨᠢᠭᠡ ᠲᠠᠩᠬᠢᠮ ᠳᠤ ᠴᠤᠭᠯᠠᠷᠠᠵᠤ᠂ ᠬᠠᠮᠲᠤ ᠪᠠᠷ ᠴᠠᠭᠠᠨ ᠰᠠᠷ᠎ᠠ ᠶᠢ | ᠤᠭᠲᠤᠪᠠ᠃ | ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠰᠢ ᠶᠢᠨ ᠫᠢᠩ ᠠᠬᠠᠮᠠᠳ ᠨᠥᠬᠦᠳ ᠤᠨ ᠳᠤᠮᠳᠠ ᠬᠦᠷᠬᠦ ᠳᠤ | ᠳᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠳᠠᠰᠢᠪᠠ᠃ ᠰᠢ ᠶᠢᠨ ᠫᠢᠩ ᠤᠯᠠᠨ ᠲᠠᠢ ᠳᠣᠲᠣᠨᠣ ᠪᠠᠷ ᠭᠠᠷ ᠠᠳᠬᠤᠵᠤ᠂ | ᠬᠠᠷᠢᠯᠴᠠᠨ ᠮᠡᠨᠳᠦᠴᠢᠯᠡᠵᠦ᠂ ᠲᠡᠳᠡᠨ ᠤ ᠪᠡᠶ᠎ᠡ ᠮᠠᠬᠠᠪᠤᠳ ᠪᠣᠯᠣᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ | ᠥᠩᠭᠡᠷᠡᠭᠰᠡᠨ ᠨᠢᠭᠡ ᠵᠢᠯ ᠤᠨ ᠲᠤᠷᠰᠢᠬᠢ ᠨᠠᠮ᠂ ᠤᠯᠤᠰ ᠪᠣᠯᠣᠨ ᠴᠡᠷᠢᠭ ᠠᠩᠭᠢ ᠶᠢᠨ ᠦᠢᠯᠡᠰ ᠤᠨ ᠶᠠᠪᠤᠵᠤ ᠢᠷᠡᠭᠰᠡᠨ | ᠶᠡᠷᠦ ᠪᠤᠰᠤ ᠶᠢᠨ ᠥᠩᠭᠡᠷᠡᠯᠲᠡ᠂ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠬᠠᠮᠲᠤ ᠪᠠᠷ ᠡᠷᠭᠢᠴᠡᠭᠦᠯᠪᠡ᠃ | ᠠᠬᠠᠮᠠᠳ ᠨᠥᠬᠦᠳ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠬᠠᠷᠢᠭᠤᠴᠠᠬᠤ ᠳᠦᠷᠢᠮ ᠢ ᠲᠤᠭᠤᠰᠢᠯᠠᠭᠤᠯᠵᠤ᠂ | ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠥᠷᠥ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ | ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠶᠢᠨ ᠲᠥᠯᠥᠭᠡ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠲᠥᠯᠥᠭᠡ ᠢᠳᠡᠪᠬᠢᠲᠡᠢ | ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ | ︽ᠬᠦᠴᠦᠷᠬᠡᠭ ᠤᠯᠤᠰ ᠤᠨ ᠰᠡᠷᠭᠦᠨ ᠮᠠᠨᠳᠤᠯᠲᠠ ᠶᠢᠨ ᠠᠯᠬᠤᠭ᠎ᠠ ᠭᠠᠵᠠᠷ ᠳᠡᠯᠡᠬᠡᠢ ᠶᠢ ᠳᠣᠩᠰᠣᠯᠭᠠᠵᠤ᠂ ᠡᠷᠡᠮᠡᠬᠡᠶᠢᠯᠡᠨ | ᠤᠷᠤᠭᠰᠢᠯᠠᠵᠤ ᠪᠣᠭᠤᠮᠲᠠ ᠰᠢᠪᠲᠤᠯᠬᠤ ᠡᠩᠨᠡᠭᠡᠨ ᠤ ᠲᠤᠭ ᠥᠨᠳᠥᠷ ᠲᠤ ᠨᠠᠮᠢᠷᠠᠨ᠎ᠠ ᠁︾ ᠪᠠᠶᠠᠷ ᠪᠠᠶᠠᠰᠤᠯᠳᠤ ᠳᠠᠭᠤᠤ | ᠪᠥᠵᠢᠭ ︽ᠮᠢᠨᠤ ᠪᠠᠶᠢᠯᠳᠤᠭᠠᠨ ᠤ ᠪᠠᠶᠢᠷᠢ ᠮᠢᠨᠤ ᠣᠨ ᠵᠢᠯ︾ ᠭᠡᠬᠦ ᠪᠠᠷ ᠲᠣᠬᠯᠠᠯᠲᠠ ᠶᠢᠨ ᠬᠥᠰᠢᠭᠡ ᠶᠢ ᠰᠡᠬᠦᠯ᠎ᠡ᠃ | ᠲᠣᠬᠯᠠᠯᠲᠠ ᠨᠢ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠠᠩᠭᠢ ᠶᠢᠨ ᠴᠡᠷᠢᠭ ᠲᠤ ᠦᠢᠯᠡᠴᠢᠯᠡᠬᠦ ᠭᠡᠯᠪᠡᠷᠢ ᠪᠠᠷ | ᠴᠡᠷᠢᠭ ᠢ ᠬᠦᠴᠦᠷᠬᠡᠭᠵᠢᠭᠦᠯᠬᠦ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠵᠦ᠂ ᠨᠠᠮ ᠳᠠᠭᠠᠨ ᠦᠨᠡᠨᠴᠢ᠂ ᠬᠦᠴᠦ ᠪᠠᠨ | ᠬᠠᠮᠲᠤᠳᠬᠠᠨ ᠪᠣᠭᠤᠮᠲᠠ ᠰᠢᠪᠲᠤᠯᠬᠤ ᠤᠳᠬ᠎ᠠ ᠠᠭᠤᠯᠤᠭᠳᠠᠬᠤᠨ ᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ | ᠠᠷᠠᠳ ᠤᠨ ᠴᠡᠷᠢᠭ ᠠᠩᠭᠢ ᠶᠢᠨ ᠰᠢᠨ᠎ᠡ ᠰᠤᠷᠲᠠᠯ ᠲᠥᠪ ᠰᠤᠷᠲᠠᠯ ᠢ ᠲᠣᠪᠤᠶᠢᠯᠭᠠᠨ ᠲᠤᠰᠬᠠᠵᠠᠢ᠃ ︽ᠨᠢᠭᠡᠳᠦᠨ ᠳᠠᠭᠠᠶ᠎ᠠ︾ | ᠭᠡᠬᠦ ᠨᠠᠶᠢᠷᠠᠯ ᠳᠠᠭᠤᠤ ᠨᠢ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ | ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠬᠤ᠂ ᠡᠷᠡᠰ ᠭᠤᠶᠢᠪᠢᠰᠢ ᠦᠭᠡᠢ ᠪᠠᠷ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ ᠬᠠᠮᠲᠤ ᠶᠢᠨ ᠰᠡᠳᠬᠢᠯ ᠤᠨ ᠳᠠᠭᠤᠨ ᠢ ᠪᠢᠯᠬᠠᠮ᠎ᠠ ᠢᠯᠡᠳᠬᠡᠵᠡᠢ᠃ ︽ | ᠪᠠᠶᠢᠯᠳᠤᠨ᠎ᠠ ᠭᠡᠪᠡᠯ ᠪᠠᠶᠢᠯᠳᠤᠨ᠎ᠠ︾᠂ ︽ᠢᠯᠠᠭᠤᠭᠰᠠᠨ ᠪᠠᠶᠢᠯᠳᠤᠭᠠᠨ ᠤ ᠢᠷᠠᠭᠤ ᠠᠯᠳᠠᠷ︾ ᠳᠠᠭᠤᠤ ᠪᠥᠵᠢᠭ | ᠬᠥᠭᠵᠢᠮ ᠤᠨ ᠲᠤᠬᠯᠠᠯᠲᠠ ᠨᠢ ᠪᠣᠳᠠᠲᠤ ᠪᠠᠶᠢᠯᠳᠤᠭᠠᠨ ᠪᠣᠳᠠᠲᠤ ᠰᠣᠷᠢᠯᠲᠠ ᠶᠢᠨ ᠴᠡᠷᠢᠭ ᠤᠨ ᠠᠬᠤᠢ ᠪᠠᠶᠢᠳᠠᠯ ᠢ | ᠠᠮᠢᠳᠤᠯᠢᠭ ᠢᠶᠠᠷ ᠲᠤᠰᠬᠠᠵᠤ᠂ ᠳᠠᠷᠤᠭ᠎ᠠ ᠪᠠᠶᠢᠯᠳᠤᠭᠴᠢᠳ ᠤᠨ ᠡᠷᠡᠯᠬᠡᠭ ᠪᠠᠭᠠᠲᠤᠷᠯᠢᠭ ᠬᠠᠳᠠᠨ ᠵᠣᠷᠢᠭ ᠪᠠ ᠪᠠᠶᠢᠯᠳᠤᠬᠤ ᠪᠠᠷ | ᠴᠠᠭ ᠢᠮᠠᠭᠲᠠ ᠪᠡᠯᠡᠬᠡᠨ ᠪᠠᠶᠢᠬᠤ᠂ ᠪᠠᠶᠢᠯᠳᠤᠭᠠᠨ ᠳᠤ ᠢᠯᠠᠯᠲᠠ ᠣᠯᠵᠤ ᠴᠢᠳᠠᠬᠤ ᠳᠠᠶᠢᠴᠢᠨ ᠳᠦᠷᠢ ᠪᠠᠶᠢᠳᠠᠯ ᠢ | ᠢᠯᠡᠷᠡᠭᠦᠯᠪᠡ᠃ ︽ᠬᠢᠯᠢ ᠶᠢᠨ ᠪᠠᠶᠢᠯᠳᠤᠭᠠᠨ ᠤ ᠳᠠᠭᠤᠤ︾ ᠲᠣᠭᠯᠠᠯᠳᠤ ᠳᠠᠭᠤᠯᠠᠯ ᠨᠢ ᠬᠢᠯᠢ ᠶᠢᠨ ᠬᠠᠮᠠᠭᠠᠯᠠᠯᠲᠠ ᠶᠢᠨ | ᠳᠠᠷᠤᠭ᠎ᠠ ᠪᠠᠶᠢᠯᠳᠤᠭᠴᠢᠳ ᠤᠨ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠲᠤ ᠦᠨᠳᠦᠰᠦᠯᠡᠵᠦ᠂ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠬᠠᠶᠢᠷ᠎ᠠ ᠰᠡᠳᠬᠢᠯᠭᠡ ᠶᠢ ᠤᠶᠠᠩᠭᠠᠯᠠᠪᠠ᠃ ︽ᠨᠠᠮ ᠤᠨ ᠥᠬᠢᠨ︾᠂ ︽ | ᠢ ᠮᠧᠩ ᠤᠨ ᠮᠠᠭᠲᠠᠭᠠᠯ︾ ᠤᠨ ᠰᠣᠩᠭᠤᠮᠠᠯ ᠪᠠᠳᠠᠭ ᠪᠣᠯᠣᠨ ︽ᠶᠠᠫᠤᠨ ᠢ ᠡᠰᠡᠷᠭᠦᠴᠡᠬᠦ ᠴᠡᠷᠢᠭ ᠤᠨ ᠶᠠᠪᠤᠳᠠᠯ ᠤᠯᠤᠰ | ᠲᠦᠷᠦ ᠶᠢᠨ ᠶᠡᠭᠡ ᠰᠤᠷᠭᠠᠭᠤᠯᠢ ᠶᠢᠨ ᠰᠤᠷᠭᠠᠭᠤᠯᠢ ᠶᠢᠨ ᠳᠠᠭᠤᠤ︾᠂ ︽ ᠪᠢᠳᠡ ᠲᠠᠷᠳᠠᠩ ᠵᠠᠮ ᠢᠶᠠᠷ ᠵᠠᠮᠨᠠᠨ᠎ᠠ︾ ᠵᠡᠷᠭᠡ | ᠰᠣᠩᠭᠤᠳᠠᠭ ᠳᠠᠭᠤᠤ ᠶᠢ ᠬᠤᠯᠪᠣᠨ ᠳᠠᠭᠤᠯᠠᠵᠤ᠂ ᠭᠠᠶᠢᠬᠠᠮᠰᠢᠭᠲᠤ ᠣᠨ ᠰᠠᠷ᠎ᠠ ᠶᠢ ᠲᠠᠭᠢᠨ ᠡᠷᠭᠢᠴᠡᠭᠦᠯᠵᠦ᠂ ᠲᠡᠮᠡᠴᠡᠯ ᠤᠨ | ᠣᠮᠤᠭ ᠵᠣᠷᠢᠭ ᠢ ᠬᠥᠭᠵᠢᠭᠡᠪᠡ᠃ ︽ᠬᠤᠪᠴᠠᠰᠤ ᠤᠬᠢᠶᠠᠬᠤ ᠳᠠᠭᠤᠤ ᠶᠢ ᠲᠠᠭᠢᠨ ᠳᠠᠭᠤᠯᠠᠶ᠎ᠠ︾ ᠦᠵᠡᠭᠳᠡᠯᠲᠦ ᠳᠠᠭᠤᠤ | ᠪᠥᠵᠢᠭ ᠨᠢ ᠴᠡᠷᠢᠭ ᠠᠷᠠᠳ ᠤᠨ ᠵᠢᠭᠠᠰᠤ ᠤᠰᠤᠨ ᠤ ᠬᠠᠶᠢᠷ᠎ᠠ ᠰᠡᠳᠬᠢᠯᠭᠡ᠂ ᠬᠦᠴᠦ ᠪᠠᠨ ᠬᠠᠮᠲᠤᠳᠬᠠᠨ ᠬᠢᠯᠢ | ᠬᠢᠵᠠᠭᠠᠷ ᠢᠶᠠᠨ ᠬᠦᠴᠦᠷᠬᠡᠭᠵᠢᠭᠦᠯᠵᠦ ᠰᠡᠷᠭᠡᠶᠢᠯᠡᠯᠲᠡ ᠪᠠᠨ ᠪᠠᠬᠢᠵᠢᠭᠦᠯᠦᠭᠰᠡᠨ ᠰᠡᠳᠬᠢᠯ ᠬᠥᠳᠡᠯᠭᠡᠮ᠎ᠡ ᠦᠵᠡᠭᠳᠡᠯ ᠢ ᠲᠣᠭᠯᠠᠨ | ᠬᠠᠷᠠᠭᠤᠯᠵᠠᠢ᠃ ︽ᠣᠣᠷ ᠴᠢᠨᠠᠷ︾ ᠣᠬᠤᠷ ᠵᠦᠴᠦᠭᠡ᠂ ︽ᠭᠠᠩ ᠫᠤᠤ ᠶᠢ ᠴᠢᠨᠢ ᠳᠤᠰᠤᠭᠰᠠᠨ ᠨᠢ︾ ᠪᠠᠭ᠎ᠠ ᠨᠠᠶᠢᠷᠠᠯ | ᠳᠠᠭᠤᠤ ᠨᠢ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠪᠠᠶᠢᠯᠳᠤᠭᠠᠨ ᠤ ᠦᠯᠢᠭᠡᠷ ᠪᠣᠯᠣᠨ ᠵᠠᠯᠠᠭᠤ ᠳᠠᠷᠤᠭ᠎ᠠ | ᠪᠠᠶᠢᠯᠳᠤᠭᠴᠢ ᠶᠢᠨ ᠴᠡᠷᠢᠭ ᠢ ᠬᠦᠴᠦᠷᠬᠡᠭᠵᠢᠭᠦᠯᠦᠭᠰᠡᠨ ᠦᠯᠢᠭᠡᠷ ᠢ ᠶᠠᠷᠢᠵᠤ᠂ ᠠᠷᠠᠳ ᠤᠨ ᠴᠡᠷᠢᠭ ᠠᠩᠭᠢ ᠶᠢᠨ | ᠬᠤᠪᠢᠰᠬᠠᠯ ᠤᠨ ᠭᠧᠨ ᠢ ᠤᠯᠠᠮᠵᠢᠯᠠᠬᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠪᠠᠲᠤ | ᠴᠢᠩᠭ᠎ᠠ ᠢᠲᠡᠭᠡᠯ ᠵᠣᠷᠢᠭ ᠢ ᠬᠠᠷᠠᠭᠤᠯᠪᠠ᠃ ︽ᠢᠷᠠᠭᠤ ᠠᠯᠳᠠᠷᠲᠠᠢ ᠪᠠᠷ ᠤᠷᠤᠭᠰᠢᠯᠠᠨ᠎ᠠ︾ ᠬᠤᠯᠢᠮᠠᠭ ᠨᠠᠶᠢᠷᠠᠯ ᠳᠠᠭᠤᠤ | ᠨᠢ ᠰᠦᠷ ᠵᠢᠪᠬᠤᠯᠠᠩᠲᠤ ᠭᠦᠭ ᠠᠶᠠᠰ ᠢᠶᠠᠷ ᠲᠣᠬᠯᠠᠯᠲᠠ ᠶᠢᠨ ᠠᠭᠤᠷ ᠠᠮᠢᠰᠬᠤᠯ ᠢ ᠤᠷᠭᠢᠯ ᠳᠤᠨᠢ ᠬᠦᠷᠭᠡᠵᠦ᠂ ᠪᠦᠭᠦ | ᠬᠦᠴᠦᠨ ᠢᠶᠠᠷ ᠢᠶᠠᠨ ᠴᠢᠷᠮᠠᠶᠢᠪᠠᠯ ᠯᠠᠪᠲᠠᠢ ᠠᠮᠵᠢᠯᠲᠠ ᠣᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠥᠯᠥᠭᠡ | ᠡᠷᠡᠯᠬᠡᠭᠯᠡᠨ ᠲᠡᠮᠡᠴᠡᠬᠦ᠂ ᠴᠡᠷᠢᠭ ᠢ ᠬᠦᠴᠦᠷᠬᠡᠭᠵᠢᠭᠦᠯᠵᠦ ᠲᠡᠷᠢᠭᠦᠨ ᠳᠤ ᠣᠷᠣᠬᠤ ᠪᠠᠷ ᠡᠷᠡᠮᠡᠬᠡᠶᠢᠯᠡᠨ ᠤᠷᠤᠭᠰᠢᠯᠠᠬᠤ ᠢᠲᠡᠭᠡᠯ | ᠵᠣᠷᠢᠭ ᠢ ᠢᠯᠡᠷᠡᠭᠦᠯᠪᠡ᠃ ᠪᠦᠭᠦ᠋ᠢᠯᠡ ᠲᠣᠬᠯᠠᠯᠲᠠ ᠨᠢ ᠳᠥᠭᠦᠮ ᠠᠪᠰᠠᠷᠬᠠᠨ ᠡᠭᠡᠯ ᠪᠣᠷᠣᠭᠵᠢᠭᠤᠨ᠂ ᠴᠡᠷᠢᠭ | ᠪᠠᠶᠢᠯᠳᠤᠭᠠᠨ ᠤ ᠦᠨᠦᠷ ᠠᠮᠲᠠ ᠥᠳᠬᠡᠨ ᠪᠠᠶᠢᠵᠤ᠂ ᠴᠡᠷᠢᠭ ᠢ ᠬᠦᠴᠦᠷᠬᠡᠭᠵᠢᠭᠦᠯᠬᠦ ᠰᠣᠶᠣᠯ ᠤᠨ ᠡᠷᠡᠯᠬᠡᠭᠯᠡᠨ ᠪᠠᠶᠢᠯᠳᠤᠵᠤ | ᠢᠯᠠᠯᠲᠠ ᠣᠯᠬᠤ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠠᠤᠭ᠎ᠠ ᠶᠡᠭᠡ ᠠᠭᠤᠷ ᠠᠮᠢᠰᠬᠤᠯ ᠢ ᠢᠯᠡᠷᠡᠭᠦᠯᠪᠡ᠃ | | ᠵᠠᠩ ᠶᠢᠦ ᠰᠢᠶᠠ᠂ ᠾᠧ ᠸᠧᠢ ᠳ᠋ᠦᠩ᠂ ᠯᠢᠦ ᠵᠧᠨ ᠯᠢ᠂ ᠵᠠᠩ ᠱᠧᠩ ᠮᠢᠨ ᠬᠠᠮᠲᠤ ᠪᠠᠷ ᠲᠤᠬᠯᠠᠯᠲᠠ ᠶᠢ ᠰᠣᠨᠢᠷᠬᠠᠵᠠᠢ | ᠃ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ ᠶᠢᠨ ᠪᠡᠭᠡᠵᠢᠩ ᠳᠤ | ᠰᠠᠭᠤᠭ᠎ᠠ ᠬᠤᠯᠪᠣᠭᠳᠠᠯ ᠪᠦᠬᠦᠢ ᠨᠢᠭᠡᠴᠢ ᠶᠢᠨ ᠤᠳᠤᠷᠢᠳᠤᠯᠭ᠎ᠠ ᠪᠣᠯᠣᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ | ᠲᠥᠯᠥᠭᠡᠯᠡᠭᠴᠢ ᠪᠠᠰᠠ ᠲᠣᠬᠯᠠᠯᠲᠠ ᠶᠢ ᠰᠣᠨᠢᠷᠬᠠᠵᠠᠢ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | |