ᠬᠤᠰᠢᠭᠤᠨ ᠤ ᠬᠤᠯᠪᠣᠭᠠᠲᠤ ᠬᠤᠷᠰᠢᠶ᠎ᠠ᠂ ᠪᠥᠬᠦ ᠬᠤᠰᠢᠭᠤᠨ ᠤ 17 ᠨᠡᠶᠢᠲᠡ ᠶᠢᠨ ᠮᠠᠰᠢᠨ ᠲᠡᠷᠭᠡᠨ ᠤ | ᠲᠡᠷᠭᠡᠨ ᠳᠤ ᠰᠠᠭᠤᠬᠤ ᠪᠧᠯᠲ ᠬᠤᠳᠠᠯᠳᠤᠨ ᠠᠪᠬᠤ ᠲᠦᠭᠦᠭᠡᠷᠦᠮᠵᠢ ᠶᠢ ᠰᠢᠨ᠎ᠡ ᠪᠠᠷ ᠲᠠᠰ ᠳᠡᠪᠰᠢᠭᠦᠯᠵᠦ᠂ ᠪᠥᠬᠦ | ᠬᠤᠰᠢᠭᠤᠨ ᠤ ᠬᠡᠪᠴᠢᠶᠡᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠢᠷᠪᠢᠪᠡᠯ ᠳᠠᠷᠤᠶ ᠨᠡᠶᠢᠲᠡ ᠶᠢᠨ ᠮᠠᠰᠢᠨ | ᠲᠡᠷᠭᠡᠨ ᠳᠤ ᠰᠠᠭᠤᠵᠤ᠂ ︽ᠨᠢᠭᠡ ᠺᠠᠷᠲ ᠪᠠᠶᠢᠪᠠᠯ ᠂ ᠭᠠᠳᠠᠭᠰᠢ ᠭᠠᠷᠬᠤ ᠳᠤ ᠰᠠᠨᠠᠭ᠎ᠠ ᠠᠮᠤᠷ ᠪᠠᠶᠢᠬᠤ︾ ᠶᠢ | ᠦᠨᠡᠨ ᠬᠦ ᠪᠡᠶᠡᠯᠡᠭᠦᠯᠪᠡ᠃ ᠣᠳᠣᠬᠠᠨ ᠳᠤ᠂ ᠬᠤᠯᠪᠣᠭᠠᠲᠤ ᠬᠤᠷᠰᠢᠶ᠎ᠠ᠂ ᠨᠢᠭᠡᠨᠲᠡ 33 ᠲᠦᠮᠡᠨ ᠨᠡᠶᠢᠭᠡᠮ ᠤᠨ | ᠪᠠᠲᠤᠯᠠᠭ᠎ᠠ ᠶᠢᠨ ᠺᠠᠷᠲ ᠲᠠᠷᠬᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠶᠢᠨ ᠪᠠᠶᠢᠩᠭᠤ ᠰᠠᠭᠤᠭ᠎ᠠ ᠬᠥᠮᠦᠨ | ᠠᠮᠠ ᠶᠢ ᠬᠠᠮᠤᠷᠤᠭᠰᠠᠨ ᠬᠠᠷᠢᠴᠠᠯ ᠨᠢ 102.52% ᠳᠤ ᠬᠦᠷᠴᠦ᠂᠂ ᠨᠡᠶᠢᠲᠡ ᠶᠢᠨ ᠮᠠᠰᠢᠨ ᠲᠡᠷᠭᠡᠨ ᠤ ᠲᠡᠷᠭᠡᠨ | ᠳᠤ ᠰᠠᠭᠤᠬᠤ ᠪᠧᠯᠲ ᠠᠪᠬᠤ ᠲᠦᠭᠦᠭᠡᠷᠦᠮᠵᠢ ᠶᠢᠨ ᠡᠳᠦᠷ ᠤᠨ ᠠᠷᠠᠯᠵᠢᠶᠠᠨ ᠤ ᠬᠡᠮᠵᠢᠶ᠎ᠡ 1300 ᠬᠤᠪᠢ ᠳᠤ | ᠬᠦᠷᠴᠡᠢ᠃ | |