ᠭᠦᠸᠧ ᠲᠢᠶᠠᠨ ᠪᠦᠦ ᠠᠵᠤ ᠠᠬᠤᠶᠢᠯᠠᠯ ᠲᠠᠢ ᠵᠣᠯᠭᠠᠭᠤᠯᠤᠨ ᠵᠥᠪᠳᠡᠯᠴᠡᠪᠡ
ᠨᠡᠶᠢᠲᠡᠯᠡᠭᠰᠡᠨ ᠴᠠᠭ᠄
2025/3/12
    3 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠱᠠᠨᠳᠦ᠋ᠩ ᠤᠨ ᠠᠮᠢ ᠠᠬᠤᠶ ᠶᠢᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠲᠡᠷᠢᠭᠦᠨ ᠲᠥᠯᠥᠭᠡᠯᠡᠭᠴᠢ ᠬᠤᠤ ᠶᠢᠨ ᠢᠦᠶ ᠨᠡᠷ ᠲᠠᠢ ᠵᠣᠯᠭᠠᠭᠤᠯᠤᠨ ᠵᠥᠪᠳᠡᠯᠴᠡᠵᠦ᠂ ᠴᠠᠬᠢᠭᠤᠷ ᠤᠨ ᠰᠠᠭᠤᠷᠢ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠰᠢᠭᠤᠨ ᠤ ᠤᠳᠤᠷᠢᠳᠤᠯᠭ᠎ᠠ ᠸᠧᠨ ᠮᠢᠩ᠂ ᠪᠦᠷᠢᠨᠵᠢᠷᠭᠠᠯ᠂ ᠢᠦᠶ ᠰᠢᠶᠤᠤ ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃    ᠭᠦᠸᠧ ᠲᠢᠶᠠᠨ ᠪᠦᠦ ᠠᠵᠤ ᠠᠬᠤᠶᠢᠯᠠᠯ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠳᠤ ᠤᠨ ᠳᠠᠩᠰᠠᠯᠠᠭᠤᠯᠤᠨ ᠪᠡᠯᠡ ᠤᠷᠤᠭᠤᠯᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠡᠯᠪᠡᠭ ᠪᠠᠶᠠᠯᠢᠭ ᠴᠠᠬᠢᠭᠤᠷ ᠡᠯᠡᠰᠦᠨ ᠤ ᠡᠬᠢ ᠪᠠᠶᠠᠯᠢᠭ ᠲᠠᠢ᠂ ᠴᠠᠬᠢᠭᠤᠷ ᠤᠨ ᠰᠠᠭᠤᠷᠢ ᠠᠵᠤ ᠦᠢᠯᠡᠰ ᠤᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ᠂ ᠬᠤᠶᠢᠲᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ ᠭᠦᠨᠵᠡᠭᠡᠶ ᠬᠠᠮᠲᠤᠷᠠᠯᠴᠠᠵᠤ᠂ ᠴᠠᠬᠢᠭᠤᠷ ᠤᠨ ᠰᠠᠭᠤᠷᠢ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠬᠢᠶᠠᠯᠠᠨ ᠦᠢᠯᠡᠳᠬᠦ ᠦᠢᠯᠡᠴᠢᠯᠡᠭᠡ ᠥᠷᠨᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠵᠤ  ᠦᠢᠯᠡᠰ ᠤᠨ ᠰᠦᠷᠦᠭᠵᠢᠯ ᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃    ᠬᠤ᠋ ᠶᠢᠨ ᠢᠦᠢ ᠤᠢᠢᠷ᠎ᠠ ᠶᠢᠨ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠪᠣᠯᠤᠨ ᠴᠠᠬᠢᠭᠤᠷ ᠤᠨ ᠰᠠᠭᠤᠷᠢ ᠠᠵᠤ ᠦᠢᠯᠡᠰ ᠤᠨ ᠬᠡᠯᠬᠢᠶ᠎ᠡ ᠳᠠᠬᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠭᠡᠷᠡᠯ ᠴᠡᠨᠡᠭ ᠤᠨ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠤᠨ ᠰᠠᠭᠤᠷᠢᠨ᠂ ᠰᠢᠨ᠎ᠡ ᠬᠡᠯᠪᠡᠷᠢ ᠶᠢᠨ ᠨᠡᠶᠢᠯᠡᠭᠦᠯᠦᠭᠰᠡᠨ ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ ᠤᠨ ᠲᠥᠰᠦᠪᠯᠡᠯ ᠤᠨ ᠲᠤᠬᠠᠢ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ ᠲᠦᠷᠦᠯ ᠵᠦᠢᠯ ᠤᠨ ᠶᠡᠷᠦᠩᠬᠡᠢ ᠲᠥᠯᠥᠪᠵᠢᠭᠦᠯᠭᠡ ᠶᠢᠨ ᠲᠥᠰᠦᠯ ᠢ ᠱᠠᠯᠠᠪᠳᠠᠨ ᠲᠣᠭᠲᠠᠭᠠᠵᠤ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号