3 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ | ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠲᠦᠩ ᠭᠦᠸᠧ ᠪᠢᠶᠤᠤ᠂ ᠢᠦᠶ ᠰᠢᠶᠤᠤ | ᠹᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ︽ | ᠬᠠᠨᠳᠤᠰᠢ ᠶᠢᠨ ᠲᠡᠮᠳᠡᠭ︾ ᠮᠥᠨ᠂ ᠣᠨ ᠤ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠰᠠᠭᠤᠷᠢ ᠮᠥᠨ᠃ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ | ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠠᠮᠵᠢᠯᠴᠠᠬᠤ ᠪᠠᠨ | ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠤ ᠠᠬᠤᠢ ᠶᠢᠨ ᠠᠵᠢᠯᠯᠠᠭᠠᠨ ᠤ | ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠩᠬᠠᠨ ᠤ ᠤᠯᠠᠷᠢᠯ ᠤᠨ ︽ᠰᠠᠶᠢᠨ | ᠡᠬᠢᠯᠡᠯᠲᠡ︾ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ ᠲᠠᠢ ᠠᠵᠤ | ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠯᠡᠳᠡᠭᠡᠯ ᠳᠠᠯᠳᠠ ᠬᠦᠴᠦᠨ ᠢ ᠠᠭᠤᠳᠠᠯᠬᠤ ᠪᠠ ᠨᠡᠮᠡᠭᠳᠡᠯ ᠢ | ᠬᠥᠮᠥᠷᠭᠡ ᠳᠤ ᠣᠷᠣᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠦᠯ ᠵᠦᠢᠯ ᠢ | ᠬᠥᠮᠥᠷᠭᠡ ᠳᠤ ᠣᠷᠣᠭᠤᠯᠬᠤ ᠪᠠ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠬᠦ ᠵᠡᠷᠭᠡ ᠠᠵᠢᠯ ᠢ ᠪᠦᠬᠦ ᠲᠠᠯ᠎ᠠ ᠪᠠᠷ | ᠰᠠᠶᠢᠲᠤᠷ ᠬᠢᠵᠦ᠂ ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠵᠦ᠂ ᠳᠠᠪᠬᠤᠴᠠᠭᠤᠯᠬᠤ ᠦᠭᠡᠢ | ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ | |