ᠴᠦᠩᠬᠦᠯ ᠤᠨ ᠭᠤᠤ ᠵᠢᠨ‌ᠦᠵᠡᠮᠵᠢ ᠶᠢᠨ ᠣᠷᠣᠨ ᠢ ᠲᠡᠰ ᠲᠡᠪᠰᠢᠬᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/3/12
    ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠶᠢ 1.028 ᠳ᠋ᠦᠩᠰᠢᠭᠤᠷ ᠲᠥᠭᠦᠷᠢᠭ ᠲᠥᠯᠥᠪᠯᠡᠵᠦ᠂ ᠲᠦᠯᠦᠪᠯᠡᠭᠡ ᠪᠠᠷ 2025 ᠣᠨ ᠤ 5 ᠰᠠᠷ᠎ᠠ ᠳᠤ ᠠᠵᠢᠯ ᠡᠬᠢᠯᠡᠭᠦᠯᠦᠨ ᠂ 2027 ᠣᠨ ᠤ 5 ᠰᠠᠷ᠎ᠠ ᠳᠤ ᠠᠵᠢᠯ ᠳᠠᠭᠤᠰᠬᠠᠬᠤ ᠪᠠᠷ ᠪᠣᠶ᠃ ᠭᠤᠤᠯᠳᠠᠭᠤ᠂ ᠰᠤᠳᠤᠯᠤᠨ ᠰᠤᠷᠤᠯᠴᠠᠬᠤ ᠵᠢᠴᠢ ᠬᠡᠪ ᠴᠢᠨᠠᠷ ᠢ ᠥᠷᠭᠡᠳᠬᠡᠬᠦ ᠰᠠᠭᠤᠷᠢᠨ ᠭᠠᠵᠠᠷ᠂ ᠮᠣᠩᠭᠤᠯ ᠡᠮᠨᠡᠯᠭᠡ ᠶᠢᠨ ᠶᠠᠰᠤ ᠪᠠᠷᠢᠬᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠣᠶᠢᠯᠠᠭᠠᠬᠤ ᠂ ᠣᠶ ᠰᠢᠭᠤᠶ ᠶᠢᠨ ᠡᠷᠡᠭᠦᠯᠵᠢᠯ ᠤᠨ ᠲᠥᠪ ᠵᠡᠷᠭᠡ ᠶᠢ ᠪᠥᠲᠥᠭᠡᠨ ᠪᠠᠶᠢᠭᠤᠯᠵᠤ᠂ ᠦᠵᠡᠮᠵᠢ ᠶᠢᠨ ᠣᠷᠣᠨ ᠤ ᠳᠣᠲᠣᠷᠠᠬᠢ ᠤᠨᠴᠠᠯᠢᠬᠳᠤ ᠵᠢᠭᠤᠯᠴᠢᠯᠠᠯ ᠤᠨ ᠶᠠᠪᠠᠭᠠᠨ ᠵᠠᠮ᠂ ᠵᠢᠭᠤᠯᠴᠢᠯᠠᠯ ᠤᠨ ᠵᠣᠷᠯᠣᠩ᠂ ᠤᠶᠤᠨᠲᠤ ᠦᠵᠡᠮᠵᠢ ᠶᠢᠨ ᠣᠷᠣᠨ ᠤ ᠰᠢᠰᠲ᠋ᠧᠮ ᠵᠡᠷᠭᠡ ᠢᠵᠢ ᠪᠥᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠪᠡᠶᠡᠯᠡᠭᠦᠯᠬᠦ ᠶᠢ ᠠᠬᠢᠭᠤᠯᠤᠨ᠂ ᠦᠵᠡᠮᠵᠢ ᠶᠢᠨ ᠣᠷᠣᠨ ᠤ ᠰᠣᠶᠣᠯ ᠤᠨ ᠴᠢᠨᠠᠷ ᠲᠠᠰ ᠪᠠ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ 2025 ᠣᠨ ᠳᠤ 1500 ᠲᠦᠮᠡᠨ ᠲᠥᠭᠦᠷᠢᠭ  ᠪᠠᠯᠠ ᠣᠷᠣᠭᠤᠯᠬᠤ ᠪᠠᠷ ᠲᠥᠯᠥᠪᠯᠡᠵᠦ᠂ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠬᠠᠮᠲᠤ ᠣᠶᠤᠨᠴᠢ ᠵᠢᠯᠣᠭᠤᠳᠬᠤ ᠲᠥᠪ ᠢ ᠪᠠᠶᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠦᠨ᠎ᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号