ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠭᠤᠶᠤᠴᠢᠯᠠᠬᠤ
ᠨᠡᠶᠢᠲᠡᠯᠡᠭᠰᠡᠨ ᠴᠠᠭ᠄
2025/3/12
    ᠨᠦᠬᠦᠪᠦᠷᠢ ᠥᠭᠬᠦ ᠴᠠᠭ ᠬᠤᠭᠤᠴᠠᠭ᠎ᠠ᠄    2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ    ᠨᠦᠬᠦᠪᠦᠷᠢ ᠬᠦᠷᠳᠡᠬᠦ ᠡᠲᠡᠭᠡᠳ᠄    ᠬᠤᠪᠢ ᠬᠥᠮᠦᠨ ᠤ ᠬᠡᠷᠡᠭᠯᠡᠭᠴᠢᠳ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠢᠷᠢ ᠲᠡᠩᠴᠡᠭᠰᠡᠨ ᠰᠢᠨ᠎ᠡ ᠲᠡᠷᠭᠡ ᠶᠢ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠲᠣᠭᠲᠠᠭᠰᠠᠨ ᠲᠣᠭᠠᠨ ᠤ ᠨᠥᠬᠦᠪᠥᠷᠢ ᠣᠯᠭᠤᠨ᠎ᠠ᠃ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠪᠠ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠᠯᠳᠤᠨ ᠠᠪᠤᠭᠴᠢ ᠨᠢ  ᠡᠷᠬᠡᠪᠰᠢ ᠠᠳᠠᠯᠢ ᠨᠢᠭᠡ ᠬᠥᠮᠦᠨ ᠪᠠᠶᠢᠬᠤ ᠬᠡᠷᠡᠭᠲᠡᠢ᠃    ᠨᠦᠬᠦᠪᠦᠷᠢ ᠥᠭᠬᠦ ᠪᠠᠷᠢᠮᠵᠢᠶ᠎ᠠ᠄    ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠵᠤ ᠠᠪᠬᠤ ᠶᠢᠨ ᠬᠠᠮᠲᠤ ᠬᠢᠷᠢ ᠲᠡᠩᠴᠡᠭᠰᠡᠨ ᠰᠢᠨ᠎ᠡ ᠮᠠᠰᠢᠨ ᠲᠡᠷᠭᠡ ᠶᠢ ᠰᠣᠯᠢᠵᠤ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠲᠤ ᠨᠢᠭᠡ ᠤᠳᠠᠭ᠎ᠠ ᠶᠢᠨ ᠴᠢᠨᠠᠷᠲᠠᠶ 500 ᠲᠥᠭᠦᠷᠢᠭ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠣᠭᠲᠠᠭᠰᠠᠨ ᠲᠣᠭᠠᠨ ᠤ ᠨᠥᠬᠦᠪᠥᠷᠢ ᠣᠯᠭᠤᠨ᠎ᠠ᠃    ᠡᠭᠦᠨ ᠳᠤ᠂ ᠬᠡᠷᠡᠭᠯᠡᠭᠡᠨ ᠠᠴᠠ ᠭᠠᠷᠤᠭᠰᠠᠨ ᠯᠢᠲ᠋ᠢ ᠢᠶᠤᠨ ᠬᠤᠷᠢᠶᠠᠬᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠠᠷ᠎ᠠ ᠲᠤᠭᠤᠯᠭᠠᠨ ᠬᠦᠴᠢᠯ ᠤᠨ ᠴᠠᠬᠢᠯᠭᠠᠨ ᠬᠤᠷᠢᠶᠠᠭᠤᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠰᠣᠯᠢᠵᠤ ᠬᠤᠳᠠᠯᠳᠤᠨ ᠠᠪᠬᠤ ᠬᠤᠪᠢ ᠬᠥᠮᠦᠨ ᠤ ᠬᠡᠷᠡᠭᠯᠡᠭᠴᠢᠳ ᠳᠠᠬᠢᠨ 100 ᠲᠥᠭᠦᠷᠢᠭ ︵ᠳᠠᠷᠤᠶ 600 ᠲᠥᠭᠦᠷᠢᠭ ᠤᠨ ᠲᠣᠭᠲᠠᠭᠰᠠᠨ ᠲᠣᠭᠠᠨ ᠤ ᠨᠥᠬᠦᠪᠥᠷᠢ︶ ᠨᠥᠬᠦᠪᠥᠷᠢᠯᠡᠵᠦ ᠪᠣᠯᠤᠨ᠎ᠠ᠃    ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠬᠤ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠰᠢᠨ᠎ᠡ ᠲᠡᠷᠭᠡ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠭᠰᠡᠨ ᠦᠢᠯᠡᠳᠬᠦᠨ ᠤ ᠬᠢᠷᠢ ᠲᠡᠩᠴᠡᠭᠰᠡᠨ ᠦᠨᠡᠮᠯᠡᠯ᠂ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CC︶ ᠤᠨ ᠦᠨᠡᠮᠯᠡᠯ ᠲᠠᠢ ᠪᠠᠶᠢᠬᠤ ᠬᠡᠷᠡᠭᠲᠡᠶ᠃ ᠨᠥᠬᠦᠪᠥᠷᠢ ᠭᠥᠷᠳᠡᠬᠦ ᠬᠡᠷᠡᠭᠯᠡᠭᠴᠢᠳ ︽ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ ᠳᠤ ᠨᠡᠶᠢᠴᠡᠬᠦ︾ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃            ᠣᠷᠣᠯᠴᠠᠬᠤ ᠶᠠᠪᠤᠴᠠ    ᠬᠤᠪᠢ ᠬᠥᠮᠦᠨ ᠤ ᠬᠡᠷᠡᠭᠯᠡᠭᠴᠢᠳ ᠶᠢᠨ ᠯᠢᠶᠠᠨ ᠶᠦᠨ ᠱᠠᠨ ᠹᠦ᠋ App ︵ᠵᠢᠵᠢᠭ ᠫᠷᠤᠭ᠍ᠷᠠᠮ︶ ᠪᠠᠷ ᠳᠠᠮᠵᠢᠭᠤᠯᠤᠨ ᠬᠠᠭᠤᠴᠢᠨ ᠢ ᠬᠤᠳᠠᠯᠳᠤᠬᠤ᠂ ᠰᠢᠨ᠎ᠡ ᠶᠢ ᠬᠤᠳᠠᠯᠳᠤᠨ ᠠᠪᠬᠤ ᠪᠠ ᠲᠣᠭᠠᠴᠠᠭ᠎ᠠ ᠬᠢᠬᠦ ᠶᠢ ᠪᠡᠶᠡᠯᠡᠬᠦᠯᠬᠦ ᠬᠡᠷᠡᠭᠳᠡᠢ᠃    1. ᠬᠠᠭᠤᠴᠢᠨ ᠢ ᠬᠤᠷᠢᠶᠠᠨ ᠠᠪᠬᠤ ᠮᠡᠳᠡᠭᠡ ᠵᠠᠩᠭᠢ ᠲᠤᠰᠢᠶᠠᠬᠤ᠃ ᠬᠤᠪᠢ ᠬᠥᠮᠦᠨ ᠤ ᠬᠡᠷᠡᠭᠯᠡᠭᠴᠢᠳ ᠰᠠᠭᠤᠭ᠎ᠠ ᠭᠠᠵᠠᠷ ᠤᠨ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠡᠶᠢᠲᠡᠯᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠭᠡᠭᠦᠯᠦᠨ ᠬᠤᠷᠢᠶᠠᠬᠤ ᠭᠤᠤᠯ ᠴᠣᠭᠴᠠ ︵ᠪᠣᠷᠣᠯᠠᠭᠤᠯᠬᠤ ᠭᠤᠤᠯ ᠴᠣᠭᠴᠠ ᠪᠠᠭᠲᠠᠨ᠎ᠠ︶ ᠪᠠᠷ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠬᠤ ᠳᠤ ᠶᠢᠨ ᠯᠢᠶᠠᠨ ᠶᠦᠨ ᠱᠠᠨ ᠹᠦ᠋ App ︵ᠵᠢᠵᠢᠭ ᠫᠷᠤᠭ᠍ᠷᠠᠮ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠭᠤᠴᠢᠨ ᠢᠶᠠᠷ ᠰᠢᠨ᠎ᠡ ᠶᠢ ᠰᠣᠯᠢᠬᠤ︾ ᠲᠤᠰᠬᠠᠶ ᠣᠷᠣᠨ ᠳᠤ ᠣᠷᠣᠵᠤ ᠬᠠᠭᠤᠴᠢᠨ ᠮᠡᠳᠡᠭᠡ ᠵᠠᠩᠭᠢ ᠪᠠᠨ ᠲᠤᠰᠢᠶᠠᠨ᠎ᠠ᠃ ᠬᠠᠭᠤᠴᠢᠨ ᠮᠡᠳᠡᠭᠡ ᠵᠠᠩᠭᠢ ᠨᠢ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ᠂ ᠬᠤᠷᠢᠶᠠᠨ ᠠᠪᠬᠤ ᠭᠤᠣᠯ ᠴᠣᠭᠴᠠ ᠶᠢᠨ ᠨᠡᠷᠡᠶᠢᠳᠦᠯ᠂ ᠬᠠᠭᠤᠴᠢᠨ ᠲᠡᠷᠭᠡᠨ ᠤ ᠳ᠋ᠢᠶᠠᠨ ᡂᠢ ᠶᠢᠨ ᠬᠡᠯᠪᠡᠷᠢ᠂ ᠬᠠᠭᠤᠴᠢᠨ ᠲᠡᠷᠭᠡᠨ ᠤ ᠡᠷᠬᠡ ᠶᠢᠨ ᠬᠠᠷᠢᠶᠠᠯᠠᠯ ᠤᠨ ᠭᠡᠷᠡᠴᠢ ᠵᠡᠷᠭᠡ ᠪᠠᠭᠲᠠᠨ᠎ᠠ᠃    2. ᠲᠣᠭᠲᠠᠭᠰᠠᠨ ᠲᠣᠭᠠᠨ ᠤ ᠨᠥᠬᠦᠪᠥᠷᠢ ᠶᠢᠨ ᠲᠡᠮᠳᠡᠭᠲᠦ ᠲᠠᠷᠬᠠᠭᠠᠬᠤ᠃ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠡᠭᠡᠭᠦᠯᠦᠨ ᠬᠤᠷᠢᠶᠠᠬᠤ ᠭᠤᠤᠯ ᠴᠣᠭᠴᠠ ︵ᠪᠣᠷᠣᠯᠠᠭᠤᠯᠬᠤ ᠭᠤᠤᠯ ᠴᠣᠭᠴᠠ ᠪᠠᠭᠲᠠᠨ᠎ᠠ︶ ᠶᠢᠨ ᠡᠭᠡᠭᠦᠯᠦᠨ ᠬᠤᠷᠢᠶᠠᠬᠤ ᠴᠤᠪᠤᠷᠠᠯ ᠢ ᠪᠡᠶᠡᠯᠡᠭᠦᠯᠵᠦ᠂ ᠨᠤᠲᠠᠯᠠᠭᠰᠠᠨ ᠬᠠᠭᠤᠴᠢᠨ ᠮᠡᠳᠡᠭᠡ ᠵᠠᠩᠭᠢ ᠶᠢ ᠲᠠᠪᠴᠠᠩ ᠳᠤ ᠪᠤᠴᠠᠭᠠᠨ᠂ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ᠂ ᠬᠤᠪᠢ ᠬᠥᠮᠦᠨ ᠤ ᠬᠡᠷᠡᠭᠯᠡᠭᠴᠢᠳ ᠲᠣᠭᠲᠠᠭᠰᠠᠨ ᠲᠣᠭᠠᠨ ᠤ ᠨᠥᠬᠦᠪᠥᠷᠢ ᠵᠣᠭᠤᠰ ᠠᠪᠴᠤ ᠪᠣᠯᠤᠨ᠎ᠠ᠃    ᠲᠣᠭᠲᠠᠭᠠᠭᠰᠠᠨ ᠨᠣᠷᠮ᠎ᠠ ᠶᠢᠨ ᠨᠥᠬᠦᠪᠥᠷᠢ ᠶᠢᠨ ᠲᠡᠮᠳᠡᠭ ᠢ ᠬᠡᠷᠡᠭᠯᠡᠬᠦ᠃ ᠬᠤᠪᠢ ᠬᠥᠮᠦᠨ ᠤ ᠬᠡᠷᠡᠭᠯᠡᠭᠴᠢᠳ ᠰᠠᠭᠤᠭ᠎ᠠ ᠭᠠᠵᠠᠷ ᠤᠨ ᠠᠶᠢᠮᠠᠭ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠡᠶᠢᠲᠡᠯᠡᠭᠰᠡᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠪᠣᠳᠠᠲᠤ ᠴᠣᠭᠴᠠ ᠶᠢᠨ ᠳᠡᠯᠭᠡᠭᠦᠷ ᠲᠤ ᠬᠦᠷᠴᠦ ᠲᠣᠭᠲᠠᠭᠠᠯ ᠳᠤ ᠨᠡᠶᠢᠴᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠬᠤᠳᠠᠯᠳᠤᠨ ᠠᠪᠬᠤ ᠲᠤᠬᠳᠠᠭᠠᠯ ᠶᠤᠰᠤᠭᠠᠷ ᠬᠤᠳᠠᠯᠳᠤᠨ ᠠᠪᠤᠨ᠎ᠠ᠂ ᠡᠭᠦᠳᠡᠨ ᠳᠡᠯᠭᠡᠭᠦᠷ ᠨᠢ ᠬᠤᠳᠠᠯᠳᠤᠨ ᠠᠪᠬᠤ ᠮᠡᠳᠡᠭᠡ ᠵᠠᠩᠭᠢ ᠶᠢ ᠲᠠᠭᠯᠠᠭᠰᠠᠨ ᠤ ᠳᠠᠷᠠᠭ᠎ᠠ᠂ ᠬᠡᠷᠡᠭᠯᠡᠭᠴᠢᠳ ᠪᠠᠷᠠᠭᠠᠨ ᠤ ᠵᠣᠭᠤᠰ ᠥᠭᠬᠦ ᠦᠶ᠎ᠡ ᠳᠤ ᠬᠢᠨᠠᠨ ᠲᠠᠶᠢᠯᠬᠤ ᠨᠥᠬᠦᠴᠡᠯ ᠢ ᠬᠠᠩᠭᠠᠭᠰᠠᠨ ᠪᠠᠶᠢᠪᠠᠯ ᠳᠠᠷᠤᠶ ᠲᠣᠭᠲᠠᠭᠰᠠᠨ ᠲᠣᠭᠠᠨ ᠤ ᠨᠥᠬᠦᠪᠥᠷᠢ ᠶᠢᠨ ᠲᠡᠮᠳᠡᠭᠲᠦ ᠶᠢᠨ ᠵᠣᠭᠤᠰ ᠤᠨ ᠲᠤᠭ᠎ᠠ ᠶᠢ ᠰᠢᠭᠤᠳ ᠰᠠᠭᠤᠯᠭᠠᠨ ᠠᠪᠴᠤ ᠪᠣᠯᠤᠨ᠎ᠠ᠃     ᠤᠷᠣᠯᠴᠠᠬᠤ ᠲᠦᠷᠢᠮ    1. ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠᠯᠳᠤᠨ ᠠᠪᠬᠤ ᠳᠤ ᠡᠷᠬᠡᠪᠰᠢ ᠴᠠᠬᠢᠯᠭᠠᠨ ᠬᠥᠳᠡᠯᠭᠡᠭᠦᠷᠲᠦ ᠬᠠᠭᠤᠴᠢᠨ ᠳᠤᠭᠤᠢ ᠲᠡᠷᠭᠡ ᠪᠠᠨ ᠲᠤᠰᠢᠶᠠᠵᠤ᠂ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠᠯᠳᠤᠨ ᠠᠪᠬᠤ ᠳᠤ ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠨᠡᠷᠡᠲᠦ ᠲᠡᠮᠳᠡᠭᠲᠦ ᠶᠢᠨ ᠬᠡᠯᠪᠡᠷᠢ ᠮᠠᠶ᠋ᠢᠭ ᠵᠢᠴᠢ ᠬᠠᠷᠠᠭᠠᠯᠵᠠᠭᠰᠠᠨ ᠬᠢᠵᠠᠭᠠᠷᠯᠠᠯ ᠢ ᠬᠦᠯᠢᠶᠡᠬᠦ ᠦᠭᠡᠢ︔    ᠴᠠᠬᠢᠯᠭᠠᠨ ᠬᠥᠳᠡᠯᠭᠡᠭᠦᠷᠲᠦ ᠬᠠᠭᠤᠴᠢᠨ ᠳᠤᠭᠤᠢ ᠲᠡᠷᠭᠡ ᠪᠠᠨ ᠲᠤᠰᠢᠶᠠᠭᠴᠢ ᠪᠠ ᠰᠢᠨ᠎ᠡ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ ᠬᠤᠳᠠᠯᠳᠤᠨ ᠠᠪᠤᠭᠴᠢ ᠨᠢ ᠡᠷᠬᠡᠪᠰᠢ ᠠᠳᠠᠯᠢ ᠨᠢᠭᠡ ᠬᠦᠮᠦᠨ ᠪᠠᠶᠢᠬᠤ ᠬᠡᠷᠡᠭᠲᠡᠢ᠃    2. ᠲᠣᠰ ᠤᠳᠠᠭᠠᠨ ᠤ ᠠᠵᠢᠯᠯᠠᠭ᠎ᠠ ᠨᠢ ᠬᠤᠪᠢ ᠬᠥᠮᠦᠨ ᠤ ᠬᠡᠷᠡᠭᠯᠡᠭᠴᠢᠳ ᠲᠤ ᠬᠠᠨᠳᠤᠭᠤᠯᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠣᠷᠣᠯᠠᠭᠤᠯᠬᠤ ᠭᠤᠤᠯ ᠴᠣᠭᠴᠠ ᠨᠢ ᠡᠷᠬᠡᠪᠰᠢ ᠬᠡᠷᠡᠭᠯᠡᠭᠴᠢᠳ ᠲᠤ ᠦᠨᠡᠨ ᠨᠡᠷ᠎ᠡ ᠪᠠᠷ ᠪᠣᠷᠣᠯᠠᠭᠤᠯᠬᠤ ᠬᠡᠷᠡᠭᠲᠡᠶ᠃ ᠪᠠᠷᠢᠮᠲᠠ ᠶᠢᠨ ᠦᠨ᠎ᠡ ᠬᠠᠩᠰᠢ ᠶᠢᠨ ᠨᠡᠶᠢᠳᠡ ᠵᠣᠭᠤᠰ ᠤᠨ ᠲᠤᠭ᠎ᠠ ᠨᠢ ᠡᠷᠬᠡᠪᠰᠢ ︽ᠬᠡᠷᠡᠭᠯᠡᠭᠴᠢᠳ ᠬᠤᠪᠢ ᠬᠥᠮᠦᠨ ᠤ ᠪᠣᠳᠠᠲᠠᠶ ᠵᠠᠷᠤᠴᠠᠭᠤᠯᠤᠭᠰᠠᠨ ᠵᠣᠭᠤᠰᠣᠨ ᠲᠤᠭ᠎ᠠ + ᠵᠠᠰᠠᠭ ᠤᠨ ᠣᠷᠳᠣᠨ ᠤ ᠨᠥᠬᠦᠪᠥᠷᠢ ᠶᠢᠨ ᠵᠣᠭᠤᠰ ᠤᠨ ᠲᠤᠭ᠎ᠠ︾ ᠪᠠᠶᠢᠬᠤ ᠬᠡᠷᠡᠭᠳᠡᠢ᠃    3. ᠲᠤᠰ ᠤᠳᠠᠭᠠᠨ ᠤ ᠠᠵᠢᠯᠯᠠᠭ᠎ᠠ ᠶᠢᠨ ᠨᠥᠬᠦᠪᠥᠷᠢ ᠶᠢ ᠪᠣᠷᠣᠯᠠᠭᠤᠯᠬᠤ ᠭᠤᠤᠯ ᠴᠣᠭᠴᠠ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠡᠯ᠎ᠡ ᠲᠥᠷᠥᠯ ᠤᠨ ᠬᠠᠷᠠᠭᠠᠯᠵᠠᠯ ᠲᠠᠢ ᠳᠠᠪᠬᠤᠴᠠᠵᠤ ᠪᠣᠯᠤᠨ᠎ᠠ᠃    4. ᠬᠡᠷᠪᠡ ᠪᠠᠷᠠᠭ᠎ᠠ ᠪᠤᠴᠠᠭᠠᠬᠤ ᠪᠠᠶᠢᠳᠠᠯ ᠭᠠᠷᠪᠠᠯ᠂ ᠬᠡᠷᠡᠭᠯᠡᠭᠴᠢᠳ ᠲᠤ ᠪᠤᠴᠠᠭᠠᠵᠤ ᠥᠭᠭᠦᠭᠰᠡᠨ ᠵᠣᠭᠤᠰ ᠲᠤ ᠵᠠᠰᠠᠭ ᠤᠨ ᠣᠷᠳᠣᠨ ᠤ ᠨᠥᠬᠦᠪᠥᠷᠢ ᠪᠡᠯᠡ ᠮᠥᠩᠭᠦ ᠶᠢ ᠪᠠᠭᠲᠠᠭᠠᠬᠤ ᠦᠭᠡᠢ᠂ ᠤᠤᠯ ᠤᠨ ᠲᠣᠭᠠᠴᠠᠭ᠎ᠠ ᠬᠢᠬᠦ ᠠᠷᠭ᠎ᠠ ᠵᠠᠮ ᠢᠶᠠᠷ ᠳᠠᠮᠵᠢᠭᠤᠯᠤᠨ ᠪᠤᠴᠠᠭᠠᠨ᠎ᠠ᠃ ᠪᠠᠷᠠᠭ᠎ᠠ ᠪᠤᠴᠠᠭᠠᠬᠤ ᠵᠣᠭᠤᠰ ᠢ ᠴᠥᠮ ᠨᠢᠭᠡᠨᠲᠡ ᠬᠡᠷᠡᠭᠯᠡᠭᠴᠢᠳ ᠤᠨ ᠨᠢᠭᠡ ᠤᠳᠠᠭ᠎ᠠ ᠶᠢᠨ ᠨᠥᠬᠦᠪᠥᠷᠢ ᠶᠢᠨ ᠬᠢᠷᠢ ᠬᠡᠮ ᠢᠶᠠᠷ ᠦᠵᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号