ᠥᠷᠭᠡᠨ ᠣᠯᠠᠨ ᠮᠠᠯᠴᠢᠨ ᠲᠠᠷᠢᠶᠠᠴᠢᠨ ᠳᠤ ᠢᠯᠡᠭᠡᠭᠰᠡᠨ ᠨᠢᠭᠡ ᠬᠤᠪᠢ ᠵᠠᠬᠢᠳᠠᠯ
ᠨᠡᠶᠢᠲᠡᠯᠡᠭᠰᠡᠨ ᠴᠠᠭ᠄
2025/3/12
ᠪᠦᠬᠦ ᠬᠤᠰᠢᠭᠤᠨ ᠤ ᠦᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠡ᠄ᠲᠠᠶᠠᠭᠠᠷ ᠰᠠᠶᠢᠨ︕       ᠢᠮᠠᠬᠤ ᠭᠠᠵᠠᠷ᠂ ᠮᠦᠬᠦᠯᠢᠭ ᠰᠢᠷᠣᠶ ᠳᠤ ᠴᠥᠮ ᠥᠷᠭᠡᠨ ᠣᠯᠠᠨ ᠮᠠᠯᠴᠢᠨ ᠲᠠᠷᠢᠶᠠᠴᠢᠳ ᠤᠨ ᠬᠦᠴᠦ ᠬᠥᠳᠡᠯᠮᠦᠷᠢ ᠰᠢᠩᠭᠡᠵᠥ᠂ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠭᠡᠳᠡᠭ ᠢ ᠪᠢᠳᠡ ᠬᠦᠨᠵᠡᠭᠡᠢ ᠤᠶᠢᠯᠠᠭᠠᠵᠥ  ᠪᠠᠶᠢᠨ᠎ᠠ᠃ ᠭᠡᠪᠡᠴᠦ ᠠᠵᠤ ᠠᠬᠤᠢ ᠶᠢᠨ ᠠᠰᠢᠭ ᠲᠤᠰᠠ ᠶᠢ ᠬᠥᠭᠡᠭᠡᠴᠡᠯᠳᠦᠬᠦ ᠶᠠᠪᠤᠴᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠨᠢ ᠲᠦᠢᠯ ᠤᠨ ᠴᠢᠬᠤᠯᠠ ᠶᠤᠮ᠂ ᠡᠨᠡ ᠪᠣᠯ ᠮᠠᠨ ᠤ ᠭᠡᠷ ᠣᠷᠣᠨ ᠤ ᠢᠷᠡᠭᠡᠳᠦᠢ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠨᠡᠩ ᠴᠤ ᠠᠯᠤᠰ ᠬᠡᠳᠦ ᠶᠢᠨ ᠠᠵᠠ ᠵᠢᠷᠭᠠᠯ ᠲᠠᠢ ᠨᠢᠭᠲᠠ ᠬᠤᠯᠪᠣᠯᠳᠤᠵᠤ ᠪᠠᠶᠢᠨ᠎ᠠ᠃ ᠠᠳᠡ᠂ ᠪᠢᠳᠡ ᠭᠠᠷ ᠬᠤᠯᠪᠣᠨ ᠬᠠᠮᠲᠤ ᠪᠠᠷ ᠤᠷᠤᠭᠰᠢᠯᠠᠵᠤ᠂  ᠨᠤᠳᠤᠭ ᠤᠰᠤ ᠪᠠᠨ ᠬᠠᠮᠲᠤ ᠪᠠᠷ ᠬᠠᠮᠠᠭᠠᠯᠠᠵᠤ᠂ ᠦᠷᠭᠦᠯᠵᠢᠯᠡᠬᠦ ᠬᠥᠭᠵᠢᠯᠲᠡ ᠶᠢ ᠪᠠᠳᠤᠯᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠵᠡᠷᠭᠡ  ᠨᠢᠭᠡ ᠰᠢᠰᠲ᠋ᠧᠮᠳᠦ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤ ᠣᠶ ᠰᠢᠭᠤᠶ ᠨᠤᠳᠤᠭ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠬᠤ ᠳᠤ ᠴᠢᠭᠯᠡᠭᠦᠯᠦᠨ ᠲᠣᠳᠣᠷᠬᠠᠶ ᠲᠣᠭᠲᠠᠭᠠᠯ ᠲᠤᠬᠳᠠᠭᠠᠪᠠ᠂ ᠣᠯᠠᠨ ᠢᠶᠠᠷ ᠢᠶᠠᠨ ᠡᠷᠬᠡᠪᠰᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠳᠡᠢ᠂ ᠬᠡᠷᠪᠡ ᠲᠣᠭᠲᠠᠭᠠᠯ ᠠᠴᠠ ᠵᠥᠷᠢᠴᠡᠪᠡᠯ᠂  ᠲᠡᠬᠦᠨ ᠲᠠᠢ ᠵᠤᠬᠢᠴᠠᠯᠳᠤᠬᠰᠠᠨ ᠬᠠᠤᠯᠢ ᠴᠠᠭᠠᠵᠠ ᠶᠢᠨ ᠦᠷ᠎ᠡ ᠳ᠋ᠦᠩ ᠢ ᠡᠭᠦᠷᠭᠡᠯᠡᠬᠦ ᠪᠣᠯᠤᠨ᠎ᠠ᠃    ᠨᠢᠭᠡ᠂ ᠣᠢ ᠶᠢᠨ ᠬᠤᠷᠮᠥᠢ  ᠳᠤ ᠳᠡᠷᠢᠬᠤ ᠠᠵᠢᠯᠯᠠᠭ᠎ᠠ ᠶᠢ ᠵᠢᠷᠣᠮᠵᠢᠭᠤᠯᠥᠨ᠎ᠠ  ᠤᠢ ᠳᠣᠲᠣᠷᠠᠬᠢ ᠲᠠᠷᠢᠮᠠᠯ ᠪᠣᠯ ᠨᠢᠭᠡ ᠵᠦᠢᠯ ᠤᠨ ᠠᠮᠢ ᠠᠬᠤᠢ ᠨᠥᠬᠦᠷᠰᠡᠭ ᠬᠡᠯᠪᠡᠷᠢ ᠶᠢᠨ ᠲᠠᠷᠢᠶᠠᠯᠠᠩ ᠤᠨ ᠵᠠᠭᠪᠤᠷ ᠮᠥᠨ᠂ ᠲᠡᠷᠡ ᠨᠢ ᠭᠠᠵᠠᠷ ᠰᠢᠷᠣᠢ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠬᠦ᠂  ᠣᠷᠣᠯᠭ᠎ᠠ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ᠃ ᠪᠢᠳᠡ ᠤᠯᠠᠨ ᠢ ᠵᠣᠷᠢᠭᠵᠢᠭᠤᠯᠵᠤ ᠪᠠᠶᠢᠭᠠᠳ ᠲᠠᠷᠢᠮᠠᠯ ᠤᠨ ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠷᠴᠢᠨ ᠲᠣᠭᠤᠷᠢᠨ ᠢ ᠬᠠᠮᠠᠭᠠᠯᠠᠬᠤ ᠲᠠᠷᠢᠮᠠᠯ ᠤᠨ ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠲᠠᠷᠢᠶᠠᠨ ᠡᠮ ᠪᠠ ᠬᠢᠮᠢ ᠶᠢᠨ ᠪᠤᠷᠳᠤᠭᠤᠷ ᠤᠨ ᠬᠡᠷᠡᠭᠯᠡᠯᠲᠡ ᠶᠢ ᠪᠠᠭᠠᠰᠬᠠᠨ᠂  ᠠᠮᠢ ᠠᠬᠤᠢ ᠶᠢᠨ ᠣᠷᠴᠢᠨ ᠲᠣᠭᠤᠷᠢᠨ ᠢᠶᠠᠨ ᠬᠠᠮᠲᠤᠪᠠᠷ ᠬᠠᠮᠠᠭᠠᠯᠠᠶ᠎ᠠ᠃ ᠡᠭᠦᠨ ᠤ ᠬᠠᠮᠲᠤ᠂ ᠣᠯᠠᠨ ᠢᠶᠠᠷ ᠢᠶᠠᠨ ᠡᠷᠬᠡᠪᠰᠢ  ᠲᠠᠷᠢᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠄   1. ᠣᠶ ᠮᠣᠳᠣ ᠪᠠ ᠠᠮᠤ ᠪᠤᠳᠠᠭ᠎ᠠ  ᠶᠢᠨ ᠲᠠᠷᠢᠮᠠᠯ ᠢ ᠠᠯᠠᠭᠯᠠᠨ ᠲᠠᠷᠢᠬᠤ ᠶᠢ ᠪᠦᠬᠦ ᠲᠠᠯ᠎ᠠ ᠪᠠᠷ ᠴᠠᠭᠠᠵᠠᠯᠠᠬᠤ ᠬᠡᠷᠡᠭᠲᠡᠶ᠃ ᠨᠡᠶᠢᠲᠡ ᠶᠢᠨ ᠠᠰᠠᠷᠠᠮᠵᠢ ᠶᠢᠨ ᠣᠶᠢᠲᠤ ᠭᠠᠵᠠᠷ᠂ ᠪᠠᠶᠢᠭᠠᠭᠠᠯᠢᠭ ᠣᠶᠢᠲᠤ ᠭᠠᠵᠠᠷ᠂  ᠬᠠᠮᠠᠭᠠᠯᠠᠯᠲᠠ ᠶᠢᠨ ᠵᠡᠷᠭᠡ ᠳᠡᠰ ᠨᠢ I ᠲᠠᠰ ᠤᠨ ᠣᠶᠢᠲᠤ ᠭᠠᠵᠠᠷ᠂ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠣᠲᠣᠷᠠᠬᠢ ᠣᠶᠢᠲᠤ ᠭᠠᠵᠠᠷ᠂ ᠬᠤᠪᠣᠷ ᠴᠤᠬᠠᠭ ᠤᠰᠠᠳᠬᠤ ᠰᠢᠬᠠᠭᠰᠠᠨ ᠠᠮᠢᠲᠠᠨ ᠤᠷᠭᠤᠮᠠᠯ ᠤᠨ ᠴᠢᠬᠤᠯᠠ ᠣᠷᠣᠰᠢᠨ ᠠᠮᠢᠳᠤᠷᠠᠬᠤ ᠭᠠᠵᠠᠷ ︵ᠠᠮᠢᠳᠤᠷᠠᠯ ᠤᠨ ᠣᠷᠴᠢᠨ︶ ᠵᠢᠴᠢ ᠠᠮᠢᠳᠤ ᠪᠣᠳᠠᠰ ᠤᠨ ᠬᠤᠩᠭᠢᠯ ᠤᠨ ᠳᠣᠲᠣᠷᠠᠬᠢ ᠣᠶᠢᠲᠤ ᠭᠠᠵᠠᠷ ᠵᠢᠴᠢ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠲᠡᠶᠢᠨ ᠤ ᠢᠨᠵᠧᠨᠧᠷᠢᠩ ᠤᠨ ᠰᠢᠨ᠎ᠡ ᠪᠠᠷ ᠣᠶᠢᠵᠢᠭᠤᠯᠤᠭᠰᠠᠨ ᠭᠠᠵᠠᠷ ᠲᠤ ᠣᠶ ᠶᠢᠨ ᠬᠤᠷᠮᠣᠶ ᠶᠢᠨ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠨ᠎ᠠ᠃ ᠭᠠᠭᠴᠠ ᠬᠦ ᠲᠠᠸᠠᠷ ᠤᠨ ᠣᠶ ᠶᠢᠨ ᠤᠶᠢᠵᠢᠭᠤᠯᠤᠯᠳᠠ  ᠶᠢᠨ ᠭᠠᠵᠠᠷ ᠤᠨ ᠰᠢᠯᠭᠠᠨ ᠪᠠᠶᠢᠴᠠᠭᠠᠯᠳᠠ ᠳᠤ  ᠬᠠᠯᠬᠠᠮᠵᠢ ᠪᠢᠳᠡᠭᠦᠮᠵᠢ ᠶᠢᠨ ᠬᠡᠮᠵᠢᠶ᠎ᠡ ᠨᠢ 0.2 ᠠᠴᠠ ᠳᠡᠭᠡᠭᠰᠢ ᠪᠥᠭᠡᠳ  ᠮᠤᠳᠤᠨ ᠤ ᠰᠠᠭᠤᠷᠢ ᠲᠤᠭ᠎ᠠ ᠶᠢᠨ ᠬᠠᠳᠠᠭᠠᠯᠠᠯᠲᠠ ᠶᠢᠨ ᠨᠣᠷᠮ᠎ᠠ ᠨᠢ 65% ᠠᠴᠠ ᠳᠡᠭᠡᠭᠰᠢ ︵ᠠᠵᠤ ᠠᠬᠤᠶ ᠶᠢᠨ ᠣᠶ  85% ᠠᠴᠠ ᠳᠡᠭᠡᠭᠰᠢ︶ ᠣᠶ ᠰᠢᠭᠤᠶ ᠶᠢᠨ ᠪᠠᠷᠢᠮᠵᠢᠶ᠎ᠠ  ᠳᠤ ᠬᠦᠷᠦᠭᠰᠡᠨ ᠤ ᠳᠠᠷᠠᠭ᠎ᠠ᠂ ᠰᠠᠶ᠋ᠢ ︽ᠣᠶ ᠰᠢᠭᠤᠶ ᠶᠢᠨ ᠡᠮᠳᠦ ᠤᠷᠭᠤᠮᠠᠯ︾᠂ ︽ᠣᠶ ᠰᠢᠭᠤᠶ ᠶᠢᠨ ᠡᠪᠡᠰᠦ ︵ᠣᠯᠠᠨ ᠨᠠᠰᠤᠲᠤ ᠲᠡᠵᠢᠭᠡᠯ ᠡᠪᠡᠰᠦ︶︾ ᠵᠡᠷᠭᠡ ᠨᠡᠶᠢᠯᠡᠮᠡᠯ ᠡᠵᠡᠩᠨᠡᠯᠲᠡ ᠶᠢᠨ ᠵᠠᠭᠪᠤᠷ  ᠢᠶᠠᠷ ᠣᠶ ᠶᠢᠨ ᠬᠤᠷᠮᠣᠶ ᠳᠤ ᠡᠮᠬᠢ ᠵᠢᠷᠦᠮ ᠲᠠᠢ ᠲᠠᠷᠢᠨ᠎ᠠ ︔ ᠣᠶ ᠶᠢᠨ ᠬᠤᠷᠮᠣᠶ ᠳᠤ ᠢᠰᠬᠦᠯᠡᠩ ᠴᠢᠪᠠᠭ᠎ᠠ᠂ ᠡᠷᠡᠳᠡᠰᠦ ᠵᠡᠷᠭᠡ ᠮᠣᠳᠣᠯᠢᠭ ᠤᠷᠭᠤᠮᠠᠯ ᠬᠥᠭᠵᠢᠭᠦᠯᠬᠦ ᠶᠢ ᠰᠠᠨᠠᠭᠠᠴᠢᠯᠠᠨ᠎ᠠ᠃   2. ᠤᠬᠳᠤᠯᠤᠬᠰᠠᠨ ᠮᠤᠳᠤᠨ ᠭᠠᠵᠠᠷ ᠢ ᠡᠷᠬᠡᠪᠰᠢ ᠬᠠᠪᠤᠷ ᠤᠨ ᠤᠯᠠᠷᠢᠯ ᠤᠨ ᠤᠶᠢᠵᠢᠭᠤᠯᠤᠯᠳᠠ ᠶᠢᠨ ᠠᠩᠬᠠᠨ ᠤ  ᠬᠤᠭᠤᠴᠠᠭᠠᠨ ᠳᠤ ᠰᠢᠨᠡᠳᠭᠡᠨ ᠣᠶᠢᠵᠢᠭᠤᠯᠵᠤ ᠳᠠᠭᠤᠰᠬᠠᠬᠤ ᠬᠡᠷᠡᠭᠲᠡᠢ ᠪᠥᠭᠡᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠵᠢᠭᠤᠯᠬᠤ ᠮᠡᠷᠭᠡᠵᠢᠯ ᠤᠨ ᠳᠦᠷᠢᠮ︾ ︵DB15/T 389-2021︶ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠢ᠃   ᠮᠦᠷ ᠵᠢᠬᠰᠠᠭᠠᠯ ᠲᠠᠢ᠂ ᠳᠥᠷᠪᠡᠯᠵᠢᠨ ᠬᠡᠯᠪᠡᠷᠢ   ᠪᠠᠷ ᠰᠢᠨᠡᠳᠭᠡᠨ ᠤᠶᠢᠵᠢᠭᠤᠯᠵᠥ᠂  ᠲᠤᠷᠤᠭ ᠮᠤᠳᠤᠨ ᠤ ᠮᠥᠷ ᠤᠨ ᠬᠤᠭᠤᠷᠣᠨᠳᠣᠬᠢ ᠵᠠᠶ ᠶᠢ 6 ᠮᠧᠳ᠋ᠷ ᠠᠴᠠ ᠶᠡᠭᠡ ᠪᠠᠶᠢᠯᠭᠠᠵᠤ ᠪᠣᠯᠬᠤ ᠥᠬᠡᠶ᠂  ᠪᠤᠳᠠᠯᠢᠭ ᠮᠤᠳᠤᠨ ᠤ ᠮᠥᠷ ᠤᠨ ᠬᠤᠭᠤᠷᠣᠨᠳᠣᠬᠢ ᠵᠠᠶ ᠶᠢ 4 ᠮᠧᠳ᠋ᠷ ᠠᠴᠠ ᠶᠡᠭᠡ ᠪᠠᠶᠢᠯᠭᠠᠵᠤ ᠪᠣᠯᠬᠤ ᠥᠬᠡᠶ᠃ ᠰᠢᠨᠡᠳᠭᠡᠨ ᠲᠠᠷᠢᠬᠤ ᠠᠴᠠ ᠡᠮᠦᠨ᠎ᠡ ᠪᠠ  ᠤᠢ ᠪᠦᠳᠦᠭᠡ ᠦᠭᠡᠢ ᠱᠠᠲᠤᠨ ᠳᠤ ᠴᠥᠮ ᠠᠲᠠᠷ ᠬᠠᠭᠠᠯᠪᠤᠷᠢᠯᠠᠵᠤ ᠲᠠᠷᠢᠶ᠎ᠠ ᠲᠠᠷᠢᠵᠤ ᠪᠣᠯᠬᠤ ᠦᠭᠡᠢ᠂ ᠪᠠᠰᠠ ᠲᠠᠷᠢᠶᠠᠯᠠᠬᠤ ᠪᠠᠷ ᠠᠷᠠᠴᠢᠯᠠᠬᠤ ᠶᠢ ᠣᠷᠣᠯᠠᠵᠤ ᠪᠣᠯᠬᠤ ᠦᠭᠡᠢ᠃    3. ᠪᠤᠢ ᠪᠦᠬᠦᠢ ᠤᠶᠢᠵᠢᠭᠤᠯᠬᠤ ᠭᠠᠵᠠᠷ ᠢ ᠬᠤᠰᠢᠭᠤᠨ ᠤ ᠤᠢ ᠰᠢᠭᠤᠢ ᠨᠤᠳᠤᠭ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠠᠴᠠ ᠬᠠᠮᠲᠤᠷᠠᠨ ᠰᠢᠯᠭᠠᠨ ᠠᠪᠬᠤ ᠴᠢᠬᠤᠯᠠᠲᠠᠶ ᠪᠠᠶᠢᠵᠤ᠂  ᠤᠢ ᠶᠢᠨ ᠪᠠᠷᠢᠮᠵᠢᠶ᠎ᠠ  ︵  ᠬᠠᠯᠬᠠᠮᠵᠢ ᠪᠢᠳᠡᠭᠦᠮᠵᠢ ᠶᠢᠨ ᠬᠡᠮᠵᠢᠶ᠎ᠡ ᠨᠢ 0.2 ᠠᠴᠠ ᠳᠡᠭᠡᠭᠰᠢ ᠪᠥᠭᠡᠳ  ᠮᠤᠳᠤᠨ ᠤ ᠰᠠᠭᠤᠷᠢ ᠲᠤᠭ᠎ᠠ ᠶᠢᠨ ᠬᠠᠳᠠᠭᠠᠯᠠᠯᠲᠠ ᠶᠢᠨ ᠨᠣᠷᠮ᠎ᠠ ᠨᠢ 65% ᠠᠴᠠ ᠳᠡᠭᠡᠭᠰᠢ ︵ᠠᠵᠤ ᠠᠬᠤᠶ ᠶᠢᠨ ᠣᠶ  85% ᠠᠴᠠ ᠳᠡᠭᠡᠭᠰᠢ︶  ᠳᠤ ᠬᠦᠷᠦᠭᠰᠡᠨ ᠤ ᠳᠠᠷᠠᠭ᠎ᠠ ᠰᠠᠶ᠋ᠢ ᠣᠶ ᠶᠢᠨ ᠬᠤᠷᠮᠣᠶ ᠶᠢᠨ ᠲᠠᠷᠢᠮᠠᠯ ᠢ  ᠲᠠᠷᠢᠵᠥ  ᠪᠣᠯᠤᠨ᠎ᠠ᠃  4. ᠣᠶ ᠶᠢᠨ ᠪᠦᠰᠡ ᠶᠢᠨ ᠬᠤᠶᠠᠷ ᠲᠠᠯ᠎ᠠ ᠳᠤ ᠲᠣᠰ ᠪᠦᠷᠢ 1 ᠮᠧᠲᠷ ᠠᠴᠠ ᠳᠡᠭᠡᠭᠰᠢ ᠬᠠᠮᠠᠭᠠᠯᠠᠯᠲᠠ ᠶᠢᠨ ᠪᠦᠰᠡ ᠦᠯᠡᠳᠡᠭᠡᠵᠦ᠂ ᠬᠠᠮᠠᠭᠠᠯᠠᠯᠲᠠ ᠶᠢᠨ ᠪᠦᠰᠡᠨ ᠳᠤ ᠶᠠᠮᠠᠷᠪᠠ ᠲᠠᠷᠢᠮᠠᠯ ᠲᠠᠷᠢᠬᠤ ᠶᠢ ᠴᠠᠭᠠᠵᠠᠯᠠᠬᠤ ᠬᠡᠷᠡᠭᠲᠡᠢ᠃ 1 ᠮᠧᠲᠷ  ᠤᠨ ᠵᠠᠶᠢᠲᠠᠢ ᠣᠢ ᠶᠢᠨ ᠪᠦᠰᠡ ᠠᠴᠠ ᠭᠠᠳᠠᠨᠠᠬᠢ ᠣᠷᠣᠨ ᠪᠦᠰᠡ ᠳᠤ ᠲᠠᠷᠢᠮᠠᠯ ᠲᠠᠷᠢᠬᠤ  ᠳᠤ ᠮᠣᠳᠣᠨ ᠤ ᠬᠡᠪ ᠤᠨ ᠣᠷᠭᠤᠯᠲᠠ ᠶᠢ ᠨᠥᠯᠥᠭᠡᠯᠡᠵᠦ ᠪᠣᠯᠬᠤ ᠦᠭᠡᠢ᠃ ᠮᠤᠳᠤᠨ ᠭᠤᠤ ᠶᠢ ᠪᠠᠶᠢᠩᠭᠤ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠂ ᠮᠣᠳᠣᠨ ᠭᠤᠤ ᠶᠢᠨ ᠳᠣᠲᠣᠷ᠎ᠠ ᠪᠤᠵᠠᠷ ᠡᠪᠡᠰᠦ ᠪᠠᠶᠢᠵᠤ ᠪᠣᠯᠬᠤ ᠦᠭᠡᠢ᠃ ᠮᠣᠳᠣ ᠶᠢ ᠬᠠᠶᠢᠴᠢᠯᠠᠬᠤ ᠦᠶ᠎ᠡ ᠳᠤ ᠵᠦᠢ ᠵᠣᠬᠢᠰᠲᠠᠢ ᠪᠠᠶᠢᠬᠤ ᠬᠡᠷᠡᠭᠲᠡᠢ᠂ ᠰᠠᠯᠠᠭ᠎ᠠ ᠮᠦᠴᠢᠷ ᠢ ᠵᠠᠰᠠᠭᠰᠠᠨ ᠤ ᠳᠠᠷᠠᠭ᠎ᠠ ᠦᠯᠡᠳᠡᠭᠡᠭᠰᠡᠨ  ᠬᠡᠰᠡᠭ  ᠨᠢ ᠮᠣᠳᠣᠨ ᠤ ᠥᠨᠳᠥᠷ ᠤᠨ 2/3 ᠠᠴᠠ ᠳᠣᠣᠷ᠎ᠠ ᠪᠠᠶᠢᠵᠤ ᠪᠣᠯᠬᠤ ᠦᠭᠡᠢ᠃  5. ᠰᠢᠨᠡᠳᠬᠡᠵᠦ ᠣᠶᠢᠵᠢᠭᠤᠯᠬᠤ ᠶᠠᠪᠤᠴᠠ ᠳᠤ ᠣᠢ ᠰᠢᠭᠤᠢ ᠶᠢᠨ ᠲᠥᠷᠥᠯ ᠵᠦᠢᠯ ᠪᠠ ᠣᠢ ᠰᠢᠭᠤᠢ ᠶᠢᠨ ᠭᠠᠵᠠᠷ ᠤᠨ ᠲᠥᠷᠥᠯ ᠬᠡᠯᠪᠡᠷᠢ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠂ ᠬᠠᠮᠠᠭᠠᠯᠠᠯᠲᠠ ᠶᠢᠨ ᠣᠢ ᠶᠢ ᠠᠵᠤ ᠠᠬᠤᠢ ᠶᠢᠨ ᠣᠢ᠂ ᠲᠤᠷᠤᠭ ᠮᠣᠳᠣᠨ ᠤ ᠣᠢ ᠂ ᠪᠣᠳᠠ ᠮᠣᠳᠣᠨ ᠣᠢ ᠪᠣᠯᠭᠠᠵᠤ ᠶᠠᠭᠠᠬᠢᠭᠰᠠᠨ ᠴᠤ ᠪᠣᠯᠬᠤ ᠦᠭᠡᠢ᠃ ᠬᠥᠮᠦᠨ ᠤ ᠬᠦᠴᠦ ᠪᠠᠷ ᠪᠠᠶᠢᠭᠠᠯᠢ ᠶᠢᠨ ᠰᠢᠨᠡᠴᠢᠯᠡᠯᠲᠡ ᠶᠢ ᠠᠬᠢᠭᠤᠯᠬᠤ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠄ ᠨᠢᠭᠡ ᠳᠤ ᠮᠣᠳᠣᠨ ᠤ ᠦᠨᠳᠦᠰᠦ ᠶᠢ ᠦᠯᠡᠳᠡᠭᠡᠵᠦ᠂ ᠤᠤᠯ ᠤᠨ ᠮᠥᠷ ᠤᠨ ᠬᠤᠭᠤᠷᠤᠨᠳᠤᠬᠢ ᠲᠦᠪ ᠪᠠᠶᠢᠷᠢ ᠳᠤ ᠮᠧᠬᠠᠨᠢᠭ ᠢᠶᠠᠷ ᠭᠤᠤ ᠲᠠᠳᠠᠵᠥ᠂ ᠡᠭᠦᠨ ᠢᠶᠠᠷ ᠳᠠᠮᠵᠢᠨ ᠡᠰᠢ ᠰᠤᠶᠤᠭ᠎ᠠ ᠰᠢᠨᠡᠳᠬᠡᠬᠦ ᠶᠢ ᠠᠬᠢᠭᠤᠯᠵᠤ᠂  ᠭᠤᠤ ᠶᠢᠨ ᠲᠡᠭᠡᠳᠦ ᠭᠡᠰᠡᠭ ᠤᠨ ᠥᠷᠭᠡᠨ ᠨᠢ 100  ᠰᠡᠨᠲ᠋ᠢᠮᠧᠲᠷ᠂  ᠲᠤᠤᠷᠠᠳᠦ ᠭᠡᠰᠡᠭ ᠤᠨ ᠦᠷᠭᠡᠨ ᠨᠢ 20  ᠰᠡᠨᠲ᠋ᠢᠮᠧᠲᠷ᠂ ᠭᠦᠨ ᠨᠢ 80 ᠰᠡᠨᠲ᠋ᠢᠮᠧᠲᠷ ᠪᠠᠶᠢᠬᠤ ᠭᠡᠷᠡᠭᠳᠡᠢ︔ ᠬᠤᠶᠠᠷ ᠲᠤ᠂ ᠳᠠᠷᠠᠭ᠎ᠠ ᠵᠢᠯ ᠨᠢ᠂ ᠠᠶᠠᠨᠳᠠᠭᠠᠨ ᠰᠣᠶᠣᠭᠠᠯᠠᠵᠤ ᠤᠷᠭᠤᠭᠰᠠᠨ ᠴᠢᠬᠢ ᠮᠣᠳᠣ ᠳᠤ ᠴᠢᠬᠢ ᠰᠠᠯᠭᠠᠨ ᠮᠦᠷ ᠭᠠᠷᠭᠠᠬᠤ ᠪᠠ  ᠪᠡᠶ᠎ᠡ ᠨᠢᠷᠤᠭᠤ  ᠶᠢ ᠨᠢ ᠵᠠᠰᠠᠵᠥ ᠦᠯᠡᠳᠡᠭᠡᠨ᠎ᠡ ᠂ ᠴᠢᠬᠢ ᠰᠠᠯᠭᠠᠨ ᠮᠦᠷ ᠭᠠᠷᠭᠠᠬᠤ ᠳᠤ ᠮᠥ ᠪᠦᠷᠢ ᠳᠤ 55 — 111 ᠰᠠᠭᠤᠷᠢ ᠴᠢᠬᠢ ᠮᠣᠳᠣ ᠦᠯᠡᠳᠡᠭᠡᠵᠦ᠂  ᠪᠡᠶ᠎ᠡ ᠨᠢᠷᠤᠭᠤ ᠵᠰᠠᠵᠥ ᠦᠯᠡᠳᠡᠭᠡᠬᠦ ᠳᠤ ᠭᠤᠣᠯ ᠴᠢᠬᠢ ᠨᠢ ᠪᠦᠳᠦᠬᠦᠨ 1-2 ᠰᠠᠭᠤᠷᠢ ᠴᠢᠬᠢ ᠮᠣᠳᠣ ᠶᠢ ᠰᠣᠩᠭᠤᠵᠤ᠂  ᠮᠤᠳᠤᠨ ᠤ ᠪᠡᠶ᠎ᠡ ᠨᠢᠷᠤᠭᠤ ᠶᠢᠨ ᠥᠨᠳᠥᠷ ᠤᠨ ᠬᠡᠮᠵᠢᠶ᠎ᠡ ᠨᠢ 1 ᠮᠧᠲᠷ ᠪᠠᠶᠢᠬᠤ ᠭᠡᠷᠡᠭᠳᠡᠢ ᠃   ᠬᠤᠶᠠᠷ᠂ ᠣᠶᠢᠲᠤ ᠭᠠᠵᠠᠷ ᠨᠤᠲᠤᠭ ᠪᠡᠯᠴᠢᠭᠡᠷ ᠢ ᠬᠠᠤᠯᠢ ᠠᠴᠠ ᠵᠥᠷᠢᠴᠡᠨ ᠡᠵᠡᠯᠡᠨ ᠬᠡᠷᠡᠭᠯᠡᠬᠦ ᠶᠢ ᠴᠠᠭᠠᠵᠠᠯᠠᠨ᠎ᠠ   ᠬᠡᠷ ᠪᠠᠶᠢᠰᠢᠩ  ᠪᠠᠶᠢᠭᠤᠯᠬᠤ᠂ ᠦᠬᠡᠷ ︵ᠬᠤᠨᠢ︶ ᠶᠢᠨ ᠫᠧᠩ ᠰᠠᠷᠠᠪᠴᠢ ᠵᠡᠷᠭᠡ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠠᠴᠠ ᠡᠮᠦᠨ᠎ᠡ ᠵᠠᠪᠠᠯ ᠤᠷᠢᠳᠴᠢᠯᠠᠨ ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠴᠦ ᠳᠡᠩᠰᠡᠯᠡᠨ ᠲᠡᠮᠳᠡᠭᠯᠡᠵᠦ᠂ ᠲᠥᠷᠥᠯ ᠵᠦᠢᠯ ᠳᠤ ᠬᠤᠯᠪᠣᠭᠳᠠᠬᠤ ᠭᠠᠵᠠᠷ ᠰᠢᠷᠣᠶ ᠶᠢᠨ ᠲᠥᠷᠥᠯ ᠢᠯᠭᠠᠯ ᠢ ᠨᠠᠷᠢᠨ ᠨᠢᠮᠪᠠᠶ ᠬᠠᠷᠭᠤᠭᠤᠯᠬᠤ ᠶᠢᠨ ᠬᠠᠮᠲᠤ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠭᠠᠷᠳᠠᠮ ᠢ ᠬᠠᠤᠯᠢ ᠶᠣᠰᠣᠭᠠᠷ ᠭᠦᠢᠴᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠣᠭᠲᠠᠭᠠᠯ ᠶᠣᠰᠣᠭᠠᠷ ᠲᠠᠩᠰᠠᠯᠠᠭᠤᠯᠤᠬᠰᠠᠨ ᠦᠬᠡᠢ ᠲᠥᠷᠥᠯ ᠵᠦᠢᠯ ᠢ ᠴᠥᠮ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠶ᠃ ᠳᠤᠷ᠎ᠠ ᠪᠠᠷ ᠢᠶᠠᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠤᠭᠰᠠᠨ ᠲᠥᠷᠥᠯ ᠵᠦᠢᠯ ᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃    ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠡᠨ᠎ᠡ   ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠪᠥᠬᠦ ᠵᠢᠯ ᠳᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ  ᠪᠠᠶᠢᠭᠠᠭᠠᠯᠢᠭ ᠪᠡᠯᠴᠢᠭᠡᠷ ᠤᠨ ᠭᠠᠵᠠᠷ᠂ ᠲᠠᠷᠢᠮᠠᠯ ᠪᠡᠯᠴᠢᠭᠡᠷ᠂ ᠨᠠᠮᠤᠭ ᠡᠪᠡᠰᠦᠲᠦ ᠭᠠᠵᠠᠷ᠂ ᠪᠤᠰᠤᠳ ᠡᠪᠡᠰᠦᠲᠦ ᠭᠠᠵᠠᠷ᠂ ᠴᠦᠩᠬᠦᠯ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠥᠪᠥᠷ ᠮᠣᠩᠭᠤᠯ ᠤᠨ ᠤᠳᠠᠨᠳᠠᠯ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠤᠯᠤᠰᠤᠳᠠᠢ ᠨᠠᠭᠤᠷ ᠤᠨ ᠨᠤᠭᠤ ᠭᠠᠵᠠᠷ ᠤᠨ ᠴᠡᠴᠡᠷᠯᠢᠭ ᠤᠨ ᠬᠠᠮᠠᠭᠠᠯᠠᠯᠲᠠ ᠶᠢᠨ ᠣᠷᠣᠨ᠂ ᠥᠪᠥᠷ ᠮᠣᠩᠭᠤᠯ ᠤᠨ ᠱᠤᠩᠬᠤᠷ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠵᠢᠴᠢ ᠡᠯ᠎ᠡ ᠱᠠᠲᠤᠨ ᠤ ᠡᠯ᠎ᠡ ᠲᠥᠷᠥᠯ ᠤᠨ ᠬᠠᠮᠠᠭᠠᠯᠠᠯᠲᠠ ᠶᠢᠨ ᠭᠠᠵᠠᠷ᠂ ︽ᠭᠤᠷᠪᠠᠨ ᠤᠮᠠᠷᠠᠲᠤ︾ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠲᠣᠭᠤᠷᠢᠭ᠂ ᠠᠭᠤᠯᠠ ᠤᠰᠤ ᠪᠠ ᠧᠦ᠋ᠷᠣᠫᠠ ᠶᠢᠨ ᠣᠷᠣᠭᠤᠯᠤᠯᠲᠠ ᠶᠢᠨ ᠪᠠᠩᠬᠢ ᠶᠢᠨ ᠲᠥᠷᠥᠯ ᠵᠦᠢᠯ ᠤᠨ ᠣᠷᠣᠨ᠂ ᠪᠤᠰᠤᠳ ᠨᠢᠯᠬ᠎ᠠ ᠣᠶ ᠶᠢᠨ ᠭᠠᠵᠠᠷ ᠵᠡᠷᠭᠡ ᠶᠢ ᠪᠠᠭᠲᠠᠭᠠᠨ᠎ᠠ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ᠂ ᠶᠠᠮᠠᠷᠪᠠ ᠰᠢᠯᠲᠠᠭ ᠢᠶᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠮᠠᠯ ᠮᠠᠯᠯᠠᠵᠤ ᠪᠣᠯᠬᠤ ᠦᠭᠡᠶ᠃ ᠠᠮᠢ ᠠᠬᠤᠢ ᠶᠢᠨ ᠡᠬᠢ ᠪᠠᠶᠠᠯᠢᠭ ᠪᠣᠯ ᠮᠠᠨ ᠤ ᠭᠡᠷ ᠣᠷᠣᠨ ᠤ ᠦᠨᠳᠦᠰᠦ ᠰᠠᠭᠤᠷᠢ ᠮᠥᠨ᠂ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠪᠣᠯ ᠳᠠᠷᠤᠢ ᠥᠪᠡᠷ ᠢ ᠪᠠᠨ ᠬᠠᠮᠠᠭᠠᠯᠠᠵᠥ ᠪᠠᠶᠢᠭ᠎ᠠ ᠶᠠᠪᠤᠳᠠᠯ ᠮᠥᠨ᠃ ᠤᠯᠠᠨ ᠢᠶᠠᠷ ᠢᠶᠠᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠬᠠᠷᠢᠯᠴᠠᠨ ᠬᠢᠨᠠᠯᠲᠠ ᠲᠠᠯᠪᠢᠨ ᠰᠠᠨᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠮᠲᠤ ᠪᠠᠷ ᠡᠰᠡᠷᠭᠦᠴᠡᠨ ᠬᠤᠷᠢᠭᠯᠠᠬᠤ ᠶᠢ ᠬᠦᠰᠡᠵᠦ ᠪᠠᠶᠢᠨ᠎ᠠ᠃ ᠠᠳᠡ᠂ ᠪᠢᠳᠡ ᠥᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠪᠢᠳᠡ ᠭᠠᠷ ᠬᠤᠯᠪᠣᠨ ᠮᠥᠷᠥ ᠵᠡᠷᠭᠡᠴᠡᠵᠦ᠂  ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠶᠢᠨ ᠲᠥᠯᠥᠭᠡ ᠬᠠᠮᠳᠤᠪᠠᠷ ᠴᠢᠷᠮᠠᠶᠢᠨ ᠲᠡᠮᠡᠴᠡᠵᠡᠭᠡᠶ᠎ᠡ︕            ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ          ᠣᠢ  ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ                                              2025 ᠣᠨ ᠤ 3 ᠰᠠᠷ᠎ᠠ ᠶᠢᠨ 6 ᠤ ᠡᠳᠦᠷ         
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号