ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ 3.8 ᠡᠮᠡᠭᠲᠡᠶᠢᠴᠦᠳ ᠤᠨ ᠪᠠᠶᠠᠷ ᠤᠨ ᠭᠤᠣᠯ ᠰᠡᠳᠦᠪᠲᠦ ᠨᠠᠮ ᠤᠨ ᠡᠳᠦᠷ ‍ᠤᠨ‌ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/17
    115 ᠳ᠋ᠤᠭᠠᠷ ︽3 · 8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠢ ᠬᠠᠯᠠᠭᠤᠨ ᠢᠶᠠᠷ ᠪᠡᠯᠭᠡᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠡᠮᠡᠭᠲᠡᠶᠢᠴᠦᠳ ᠤᠨ ᠦᠢᠯᠡᠰ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ︾ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠵᠣᠷᠢᠭ ᠰᠠᠨᠠᠭ᠎ᠠ ᠶᠢ ᠪᠠᠳᠠᠷᠠᠭᠤᠯᠬᠤ  ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ  ᠪᠣᠯᠤᠨ ᠪᠦᠯᠬᠦᠮᠳᠡᠯ ᠨᠡᠶᠢᠭᠡᠮ ᠲᠣᠭᠤᠷᠢᠭ ᠵᠡᠷᠭᠡ ᠨᠢᠭᠡᠴᠡ ᠬᠠᠮᠲᠤᠷᠠᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠲᠣᠰ ᠠᠵᠢᠯᠯᠠᠭ᠎ᠠ ᠨᠢ ︽ᠦᠵᠡᠯ ᠰᠠᠨᠠᠭ᠎ᠠ ᠪᠠᠷ ᠰᠣᠶᠣᠯ ᠢ ᠬᠦᠳᠦᠯᠦᠨ ᠳᠠᠭᠠᠭᠤᠯᠬᠤ + ᠰᠤᠶᠤᠯ  ᠢᠶᠠᠷ ᠤᠮᠳᠠᠯᠬᠠᠤ᠂  ᠦᠢᠯᠡᠴᠢᠯᠡᠭᠡ ᠪᠠᠷ ᠳᠤᠯᠠᠭᠠᠴᠠᠭᠤᠯᠬᠤ︾ ᠪᠠᠷ ᠭᠤᠣᠯ ᠰᠢᠵᠢᠮ ᠪᠣᠯᠭᠠᠵᠤ᠂ ᠤᠯᠠᠨ ᠡᠰᠢᠲᠦ ᠬᠡᠯᠪᠡᠷᠢ ᠪᠠᠷ ᠡᠮᠡᠭᠲᠡᠶᠢᠴᠦᠳ ᠤᠨ ᠬᠦᠴᠦᠨ ᠢ ᠢᠯᠡᠷᠡᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃    ᠠᠵᠢᠯᠯᠠᠭ᠎ᠠ  ᠨᠢ ᠮᠠᠨᠵᠤ ᠲᠡᠷᠯᠢᠭ ᠤᠨ ᠡᠮᠦᠰᠭᠡᠯ ᠵᠠᠰᠠᠯ ᠤᠨ ᠦᠵᠡᠬᠦᠯᠦᠯᠭᠡ ᠪᠠᠷ ᠡᠬᠢᠯᠡᠬᠦᠯᠵᠥ ᠂ ᠨᠠᠢᠮᠠᠨ ᠡᠮᠡᠭᠲᠡᠶ ᠲᠥᠯᠥᠭᠡᠯᠡᠭᠴᠢ ᠤᠯᠠᠮᠵᠢᠯᠠᠯ ᠪᠠ ᠣᠲᠣ ᠦᠶ᠎ᠡ ᠶᠢᠨ ᠠᠭᠤᠰᠤᠯᠴᠠᠭᠰᠠᠨ ᠲᠡᠷᠯᠢᠭ ᠢᠶᠠᠨ ᠡᠮᠦᠰᠴᠦ᠂ ᠢᠷᠠᠭᠤ ᠰᠠᠶᠢᠬᠠᠨ ᠠᠯᠬᠤᠭ᠎ᠠ ᠪᠠ ᠢᠲᠡᠭᠡᠯ ᠤᠨ ᠳᠦᠷᠰᠦ ᠪᠠᠶᠢᠳᠠᠯ  ᠨᠢ ᠳᠣᠷᠣᠨᠠᠳᠠᠬᠢᠨ ᠤ ᠡᠮᠡᠭᠲᠡᠶᠢᠴᠦᠳ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠵᠦ᠂ ᠤᠯᠠᠮᠵᠢᠯᠠᠯᠲᠤ ᠰᠣᠶᠣᠯ ᠪᠠ ᠴᠠᠭ ᠦᠶ᠎ᠡ ᠶᠢᠨ ᠵᠣᠷᠢᠭ ᠰᠠᠨᠠᠭᠠᠨ ᠤ ᠠᠭᠤᠰᠤᠯᠴᠠᠯ ᠢ ᠲᠠᠶᠢᠯᠪᠤᠷᠢᠯᠠᠪᠠ᠃ ᠳᠠᠷᠠᠭ᠎ᠠ  ᠪᠠᠷ ᠶᠠᠪᠤᠬᠳᠠᠭᠰᠠᠨ ᠳᠠᠭᠤᠤ ᠪᠥᠵᠢᠭ᠂ ᠬᠥᠭᠵᠢᠮ  ᠵᠡᠷᠭᠡ ᠲᠣᠭᠯᠠᠯᠲᠠ ᠨᠢ ᠤᠷᠠᠯᠢᠭ ᠤᠨ ᠬᠡᠯᠪᠡᠷᠢ ᠪᠠᠷ ᠡᠮᠡᠭᠲᠡᠶᠢᠴᠦᠳ ᠤᠨ ᠦᠨ᠎ᠡ ᠥᠷᠲᠡᠭ ᠢ ᠮᠠᠭᠲᠠᠨ ᠳᠠᠭᠤᠯᠠᠵᠤ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠬᠠᠯᠠᠭᠤᠨ ᠠᠯᠠᠭ᠎ᠠ ᠲᠠᠰᠢᠯᠳᠠ ᠶᠢ ᠤᠯᠪᠠ᠃ ᠰᠣᠨᠢᠷᠬᠠᠯᠲᠠᠢ ᠲᠣᠭᠯᠠᠭᠠᠮ ᠤᠨ ᠭᠤᠭᠴᠤᠭ᠎ᠠ  ᠳᠤ ᠪᠤᠯᠤᠬᠰᠠᠨ ᠡᠯ᠎ᠡ ᠵᠦᠢᠯ ᠤᠨ ᠨᠠᠭᠠᠳᠤᠮ ᠲᠤᠬᠯᠭᠠᠮ ᠨᠢ ᠬᠠᠷᠢᠯᠴᠠᠨ ᠬᠥᠳᠡᠯᠦᠯᠴᠡᠬᠦ  ᠢᠶᠠᠷ ᠳᠠᠮᠵᠢᠭᠤᠯᠵᠤ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠲᠤᠬᠠᠢ ᠶᠢᠨ ᠲᠠᠯᠠᠪᠠᠢ ᠳᠤ ᠪᠠᠶᠠᠷ ᠪᠠᠭ᠋ᠠᠳᠤᠯ  ᠢᠶᠠᠷ ᠪᠢᠯᠬᠠᠪᠠ ᠃     ᠠᠵᠢᠯᠯᠠᠭ᠎ᠠ ᠶᠢᠨ ᠳᠤᠮᠳᠠ᠂ ᠪᠥᠬᠦ  ᠤᠷᠤᠯᠴᠠᠬᠰᠠᠨ ᠬᠥᠮᠦᠰ ᠬᠠᠮᠳᠤᠪᠠᠷ ᠪᠠᠰᠠ ᠵᠠᠩ ᠬᠦᠶ ᠮᠧᠶ ᠨᠥᠬᠦᠷ ᠤᠨ ᠲᠡᠷᠢᠭᠦᠨ ᠤ ᠦᠢᠯᠡ ᠠᠵᠢᠯᠯᠠᠭ᠎ᠠ ᠶᠢᠨ ᠪᠠᠷᠢᠮᠲᠠᠲᠤ ᠹᠢᠯᠢᠮ ᠢ ᠦᠵᠡᠵᠦ᠂ ᠲᠡᠭᠦᠨ ᠤ ᠠᠭᠤᠯᠠᠷᠬᠠᠭ ᠣᠷᠣᠨ ᠤ ᠰᠤᠷᠭᠠᠨ ᠬᠦᠮᠦᠵᠢᠯ ᠳᠤ ᠦᠨᠳᠦᠰᠦᠯᠡᠵᠦ᠂ ᠶᠠᠳᠠᠭᠤ ᠬᠦᠴᠢᠷᠳᠡᠯᠲᠡᠶ ᠥᠬᠢᠳ ᠤᠨ ᠬᠤᠪᠢ ᠵᠠᠶᠠᠭ᠎ᠠ ᠪᠠᠨ ᠬᠤᠪᠢᠷᠠᠭᠤᠯᠬᠤ ᠳᠤ ᠬᠦᠴᠦᠨ ᠨᠡᠮᠡᠷᠢᠯᠡᠭᠰᠡᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠶᠢ ᠠᠮᠢᠳᠤᠯᠢᠭ ᠢᠶᠠᠷ ᠢᠯᠡᠷᠡᠭᠦᠯᠵᠦ᠂ ᠴᠥᠭᠡᠨ ᠪᠤᠰᠤ ᠣᠷᠣᠯᠴᠠᠭᠴᠢ ᠰᠡᠳᠬᠢᠯ ᠳᠣᠭᠳᠣᠯᠤᠨ ᠨᠢᠯᠪᠤᠰᠤ ᠤᠨᠠᠭᠠᠵᠤ᠂ ᠵᠠᠩ ᠬᠦᠶ ᠮᠧᠶ ᠪᠠᠷ ᠳᠠᠭᠤᠷᠢᠶᠠᠯ ᠪᠣᠯᠭᠠᠵᠤ᠂ ᠬᠤᠪᠢ ᠨᠡᠮᠡᠷᠢ ᠪᠠ ᠬᠠᠳᠠᠨ ᠪᠠᠲᠤ ᠣᠶᠤᠨ ᠰᠠᠨᠠᠭᠠᠨ ᠤ ᠬᠦᠴᠦᠨ ᠢ ᠳᠠᠮᠵᠢᠭᠤᠯᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠶᠡᠷᠦ ᠪᠤᠰᠤ ᠶᠢᠨ ᠬᠥᠮᠦᠨ ᠤ ᠠᠮᠢᠳᠤᠷᠠᠯ ᠢ ᠪᠢᠴᠢᠭᠯᠡᠨ᠎ᠡ ᠭᠡᠵᠦ ᠢᠯᠡᠳᠬᠡᠵᠡᠭᠡᠪᠡ     ᠠᠵᠢᠯᠯᠠᠭ᠎ᠠ ᠨᠢ ᠪᠠᠰᠠ ᠬᠤᠸᠠᠷ ᠬᠠᠳᠬᠤᠬᠤ ᠬᠢᠴᠢᠶᠡᠯ ᠤᠨ ᠲᠠᠩᠬᠢᠮ ᠢ ᠣᠨᠴᠠᠭᠠᠶᠢᠯᠠᠨ ᠲᠣᠬᠢᠷᠠᠭᠤᠯᠵᠤ᠂ ᠲᠤᠰᠬᠠᠶ ᠬᠤᠸᠠᠷ ᠤᠨ ᠤᠷᠷᠠᠯᠢᠬᠴᠢ ᠪᠠᠭᠰᠢ ᠠᠴᠠ ᠲᠤᠬᠠᠶ ᠶᠢᠨ ᠲᠠᠯᠠᠪᠤᠷ ᠲᠤ ᠵᠢᠭᠠᠨ ᠰᠤᠷᠭᠠᠵᠤ᠂ ᠡᠮᠡᠭᠲᠡᠶᠢᠴᠦᠳ ᠥᠪᠡᠷ ᠤᠨ ᠭᠠᠷ ᠢᠶᠠᠷ ᠢᠶᠠᠨ ᠴᠡᠴᠡᠭᠲᠦ ᠰᠠᠭᠰᠤ ᠵᠣᠬᠢᠶᠠᠵᠤ᠂ ︽ᠤᠷᠠᠨ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢ ᠵᠣᠬᠢᠶᠠᠨ ᠪᠠᠶᠢᠭᠤᠯᠬᠤ︾ ᠶᠢ ᠪᠡᠯᠭᠡᠳᠡᠪᠡ᠃     ᠪᠦᠬᠦᠶᠢᠯᠡ ᠠᠵᠢᠯᠯᠠᠭ᠎ᠠ ᠨᠢ ᠨᠠᠮ ᠤᠨ ᠪᠠᠶᠢᠭᠤᠯᠤᠯᠲᠠ ᠪᠠᠷ ᠬᠤᠯᠪᠣᠭᠠᠰᠤ ᠪᠣᠯᠭᠠᠵᠤ᠂ ᠰᠣᠶᠣᠯ ᠢᠶᠠᠷ ᠠᠴᠢᠶᠠᠯᠠᠪᠤᠷᠢ ᠪᠣᠯᠭᠠᠵᠤ᠂ ᠦᠶ᠋ᠯᠡᠴᠢᠯᠡᠭᠡ ᠪᠠᠷ ᠦᠨᠳᠦᠰᠦ ᠪᠤᠯᠭᠠᠨ᠂ ᠡᠮᠡᠭᠲᠡᠶᠢᠴᠦᠳ ᠲᠤ ᠴᠤᠭ ᠵᠢᠪᠬᠤᠭ᠎ᠠ ᠪᠠᠨ ᠳᠡᠯᠭᠡᠨ ᠦᠵᠡᠭᠦᠯᠬᠦ᠂ ᠬᠠᠶᠢᠷ᠎ᠠ ᠰᠡᠳᠬᠢᠯᠭᠡ ᠪᠠᠨ ᠰᠣᠯᠢᠯᠴᠠᠬᠤ ᠲᠠᠪᠴᠠᠩ  ᠤᠯᠭᠤᠬᠰᠠᠨ ᠪᠥᠭᠡᠳ ᠪᠠᠰᠠ ᠠᠮᠢᠳᠤᠯᠢᠭ ᠦᠢᠯᠡᠳᠦᠯᠭᠡ ᠪᠠᠷ ᠨᠠᠮ ᠤᠨ ᠬᠠᠶᠢᠷ᠎ᠠ ᠬᠠᠯᠠᠮᠵᠢ ᠶᠢ ᠣᠯᠠᠨ ᠲᠦᠮᠡᠨ ᠲᠠᠢ ᠣᠶᠢᠷᠠᠲᠤᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠪᠠ᠃ ᠢᠷᠡᠭᠡᠳᠦᠶ ᠳᠤ ᠪᠢᠳᠡ ︽ᠡᠮᠡᠭᠲᠡᠶᠢᠴᠦᠳ ᠰᠡᠳᠬᠢᠯ ᠵᠢᠷᠦᠬᠡ ᠪᠠᠨ ᠨᠠᠮ ᠳᠠᠭᠠᠨ ᠬᠠᠨᠳᠤᠭᠤᠯᠬᠤ︾ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠷᠠᠭᠤ ᠠᠯᠳᠠᠷ ᠪᠠ ᠬᠦᠰᠡᠯ ᠵᠡᠭᠦᠳᠦ ᠪᠠᠷ ᠪᠢᠯᠬᠠᠭᠰᠠᠨ ᠰᠢᠨ᠎ᠡ ᠠᠶᠠᠨ  ᠳᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠪᠥᠲᠥᠭᠡᠨ ᠪᠠᠶᠢᠭᠤᠯᠤᠭᠴᠢᠳ ᠤᠨ ᠡᠷᠴᠢ ᠵᠣᠷᠢᠭ ᠢ ᠬᠥᠪᠴᠢᠯᠡᠨ᠂ ᠡᠮᠡᠭᠲᠡᠶᠢᠴᠦᠳ ᠤᠨ ᠭᠠᠪᠢᠶ᠎ᠠ ᠪᠠᠶᠢᠭᠤᠯᠬᠤ ᠠᠵᠢᠯᠯᠠᠭ᠎ᠠ ᠶᠢᠨ ᠳᠤᠮᠳᠠ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠳᠠᠬᠢᠨᠲᠠ ᠰᠢᠯᠢᠳᠡᠭ ᠠᠮᠵᠢᠯᠲᠠ ᠪᠦᠲᠦᠮᠵᠢ ᠭᠠᠷᠭᠠᠵᠤ᠂ ᠬᠥᠳᠡᠯᠮᠦᠷᠢ ᠪᠠᠷ ᠢᠶᠠᠨ ᠵᠣᠯ ᠵᠢᠷᠭᠠᠯ ᠢ ᠡᠭᠦᠳᠴᠦ᠂ ᠪᠣᠳᠠᠲᠠᠶ ᠠᠵᠢᠯᠯᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠳᠤ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ  ᠣᠶᠤᠨ ᠤᠬᠠᠭᠠᠨ  ᠢ ᠨᠢᠭᠲᠠᠷᠠᠭᠤᠯᠵᠤ᠂ ᠨᠠᠩ ᠴᠢᠩᠭ᠎ᠠ  ᠬᠦᠴᠦᠨ  ᠢ ᠨᠡᠮᠡᠷᠢᠯᠡᠨ᠎ᠡ ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号