ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ ︽ᠲᠥᠷᠥ ᠶᠢᠨ ᠶᠠᠪᠤᠳᠠᠯ ᠤᠨ ᠬᠤᠷᠢᠶᠠᠨ ᠤ  2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠵᠡᠷᠭᠡ ᠶᠢ ᠶᠠᠷᠢᠯᠴᠠᠨ ᠪᠠᠲᠤᠯᠠᠪᠠ
ᠨᠡᠶᠢᠲᠡᠯᠡᠭᠰᠡᠨ ᠴᠠᠭ᠄
2025/3/17
                           ᠨᠡᠶᠢᠲᠡᠯᠡᠭᠰᠡᠨ ᠴᠠᠭ᠄ 2025/3/17       ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ  ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ  ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽  ᠲᠥᠷᠥ ᠶᠢᠨ ᠶᠠᠪᠤᠳᠠᠯ ᠤᠨ ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ ︽︿  ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ  ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃        ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ  ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾  ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ ᠮᠥᠴᠢᠷ᠂ ᠡᠯ᠎ᠡ  ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ  ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ  ᠠᠮᠠᠯᠠᠯᠲᠠ ᠪᠠᠨ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠮᠠᠭᠠᠳ ᠪᠤᠰᠤ  ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ  ᠬᠤᠪᠢᠷᠠᠯᠲᠠ ᠶᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ  ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ  ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ  ᠠᠴᠢᠶᠠᠯᠠᠪᠤᠷᠢ ᠶᠢ ᠳᠠᠰᠤᠷᠠᠯᠳᠠ ᠦᠭᠡᠢ ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ  ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ  ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ  ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ  ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ ᠰᠢᠰᠲ᠋ᠧᠮᠲᠦ ᠦᠵᠡᠯᠲᠡ ᠪᠠᠨ  ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ  ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ  ᠠᠬᠢᠭᠤᠯᠬᠤ ᠬᠡᠷᠡᠭᠲᠡᠢ ᠭᠡᠵᠡᠢ᠃        ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ  ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ  ᠬᠦᠷᠭᠡᠯᠲᠡ ᠶᠢᠨ ᠪᠣᠭᠤᠳᠠᠯ ᠤᠨ ᠠᠰᠠᠭᠤᠳᠠᠯ ᠳᠤ ᠴᠢᠭᠯᠡᠭᠦᠯᠦᠨ ︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ  ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦᠶᠢᠴᠡ ᠶᠢ ᠠᠬᠢᠭᠤᠯᠬᠤ᠂ ᠪᠣᠬᠢᠷᠲᠤᠯ ᠦᠭᠡᠢ ᠦᠢᠯᠡᠳᠪᠦᠷᠢᠯᠡᠯ ᠪᠠ  ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ᠃ ᠰᠢᠰᠲ᠋ᠧᠮᠵᠢᠭᠦᠯᠦᠨ ᠵᠠᠰᠠᠬᠤ᠂ ᠬᠠᠮᠵᠢᠯᠴᠠᠨ ᠵᠠᠰᠠᠬᠤ ᠶᠢ ᠪᠠᠷᠢᠮᠲᠠᠯᠠᠵᠤ᠂  ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ  ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ ᠬᠡᠷᠡᠭᠯᠡᠭᠴᠢᠳ ᠢ ᠬᠥᠲᠥᠯᠥᠨ ᠵᠢᠯᠤᠭᠤᠳᠴᠤ  ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ ᠠᠬᠢᠭᠤᠯᠬᠤ ᠬᠡᠷᠡᠭᠲᠡᠢ᠃ ᠲᠦᠷᠭᠡᠨ ᠬᠦᠷᠭᠡᠯᠲᠡ ᠶᠢᠨ ᠪᠣᠭᠤᠳᠠᠯ ᠤᠨ ᠪᠣᠬᠢᠷᠲᠤᠯ  ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂  ᠡᠭᠡᠭᠦᠯᠦᠨ ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ ᠡᠯ᠎ᠡ  ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ ᠬᠥᠭᠵᠢᠯᠲᠡ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ  ᠬᠡᠷᠡᠭᠲᠡᠢ ᠭᠡᠵᠡᠢ᠃           ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃          ᠢᠷᠡᠯᠲᠡ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 
 
ᠢᠷᠡᠯᠲᠡ᠄ ᠦᠪᠦᠷ ᠮᠤᠩᠭᠤᠯ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号