ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/19
   3 ᠰᠠᠷ᠎ᠠ ᠶᠢᠨ 18 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠴᠢᠦ ᠵᠢᠶᠦ᠋ᠨ ᠬᠤᠷᠠᠯ ᠡᠷᠭᠢᠯᠡᠪᠡ᠃
 旗委农村牧区工作会议.jpg
    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠸᠧᠨ ᠰᠢ᠂ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠡᠳ᠋ ᠳᠠᠷᠤᠭ᠎ᠠ ᠸᠠᠩ ᠶᠢᠨ ᠴᠢᠶᠠᠩ ᠲᠣᠰ ᠲᠣᠰ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃    ᠭᠦᠸᠧ ᠲᠢᠶᠠᠨ ᠪᠦᠦ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠥᠭᠴᠦ᠂ ᠪᠢᠳᠡᠨ ᠤ ᠡᠨᠡ ᠵᠢᠯ ᠤᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠴᠢᠭᠯᠡᠯ ᠢ ᠲᠣᠳᠣᠷᠬᠠᠶ ᠵᠢᠭᠠᠨ ᠥᠭᠴᠦ᠂ ᠵᠢᠷᠤᠮᠯᠠᠯ ᠬᠠᠩᠭᠠᠭᠰᠠᠨ ᠪᠠᠶᠢᠨ᠎ᠠ᠃ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ᠂ ᠬᠥᠳᠡᠭᠡ ᠠᠵᠤ ᠠᠬᠤᠶ ᠶᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ᠂ ᠲᠠᠷᠢᠶᠠᠴᠢᠳ ᠢ ᠪᠠᠶᠠᠵᠢᠭᠤᠯᠬᠤ ᠴᠢᠩᠭ᠎ᠠ ᠳᠣᠬᠢᠶ᠎ᠠ ᠶᠢ ᠳᠠᠮᠵᠢᠭᠤᠯᠵᠤ᠂ ᠮᠠᠰᠢ ᠣᠯᠠᠨ ᠰᠢᠨ᠎ᠡ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠳᠤᠷᠠᠳᠴᠠᠶ᠃ ᠪᠥᠬᠦ ᠬᠤᠰᠢᠭᠤᠨ ᠤ ᠲᠡᠭᠡᠷ᠎ᠡ ᠲᠤᠤᠷ᠎ᠡ ᠱᠠᠲᠤᠨ ᠤ ᠬᠢᠨ ᠰᠢ ᠶᠢᠨ ᠫᠢᠩ ᠶᠡᠷᠦᠩᠬᠡᠶ ᠱᠦᠵᠢ ᠶᠢᠨ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠣᠳᠣᠬᠠᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ᠂ 2025 ᠣᠨ ᠤ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃    ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠤᠯᠤᠰ ᠤᠨ ᠠᠰᠢᠭᠲᠠᠢ ᠲᠦᠷᠦ ᠶᠢᠨ ᠪᠤᠳᠤᠯᠭ᠎ᠠ ᠶᠢᠨ ᠴᠤᠩᠬᠤᠪᠴᠢ ᠬᠤᠭᠤᠴᠠᠭ᠎ᠠ ᠶᠢ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠶᠡᠷᠦᠩᠬᠡᠶᠢᠯᠡᠭᠰᠡᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠩ ᠤᠯᠠᠨ ︽ᠲᠣᠨ ᠠᠮᠤ ᠪᠤᠳᠠᠭᠠᠨ ᠤ ᠲᠠᠷᠢᠶ᠎ᠠ ︾ ᠶᠢ ᠬᠦᠴᠦᠯᠡᠨ ᠴᠣᠭᠴᠠᠯᠠᠬᠤ ᠬᠡᠷᠡᠭᠲᠡᠢ᠃ ᠠᠯᠠᠰᠢᠨ ᠦᠬᠡᠷ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠥᠰᠬᠦ ᠰᠠᠶᠢᠨ ᠬᠠᠨᠳᠤᠰᠢ ᠶᠢ ᠡᠵᠡᠮᠳᠡᠵᠦ᠂ ᠳᠦᠷᠰᠦ ᠰᠦᠷᠦᠭ ᠢ ᠪᠤᠶᠢᠵᠢᠭᠤᠯᠬᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠡᠭᠦᠯᠳᠡᠷ ᠰᠠᠶᠢᠵᠢᠷᠠᠭᠤᠯᠬᠤ ᠵᠡᠷᠭᠡ ᠳᠠᠪᠠᠭᠤᠯᠢᠭ ᠲᠤ ᠰᠠᠭᠤᠷᠢᠯᠠᠨ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠵᠤ᠂ ᠪᠠᠶᠢᠳᠠᠯ ᠢ ᠠᠰᠢᠭᠯᠠᠨ ᠰᠢᠪᠲᠤᠯᠤᠯᠲᠠ ᠭᠠᠷᠭᠠᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠬᠡᠪ ᠳᠠᠭᠤᠷᠢᠶᠠᠯ ᠢ ᠪᠣᠶ ᠪᠣᠯᠭᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠰᠠᠭᠤᠷᠢ ᠶᠢ ᠯᠠᠪᠳᠠᠭᠤᠨ ᠪᠠᠲᠤᠲᠠᠢ ᠪᠠᠬᠢᠵᠢᠭᠦᠯᠵᠦ᠂ ᠤᠯᠤᠰ ᠤᠨ ᠰᠢᠯᠭᠠᠨ ᠪᠠᠶᠢᠴᠠᠭᠠᠵᠤ ᠦᠨᠡᠯᠡᠬᠦ ᠳᠤᠮᠳᠠ ᠰᠠᠶᠢᠨ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ ᠬᠠᠮᠤᠭ ᠤᠨ ᠡᠷᠡᠰ ᠰᠢᠭᠤᠷᠬᠠᠶ ᠣᠪᠣᠷ᠂ ᠬᠠᠮᠤᠭ ᠤᠨ ᠯᠠᠪᠳᠠᠭᠤᠨ ᠪᠠᠲᠤᠲᠠᠶ ᠠᠷᠭ᠎ᠠ ᠬᠡᠮᠵᠢᠶ᠎ᠡ ᠠᠪᠴᠤ᠂ ᠡᠯ᠎ᠡ ᠵᠦᠢᠯ ᠤᠨ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠬᠠᠮᠢᠶᠠᠷᠤᠯᠲᠠ ᠬᠠᠮᠠᠭᠠᠯᠠᠯᠲᠠ ᠶᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤᠮᠳᠠ ᠬᠤᠶᠢᠲᠤ ᠬᠤᠰᠢᠭᠤᠨ ᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠭᠤᠣᠯᠳᠠᠯᠭ᠎ᠠ ᠲᠠᠢ ᠲᠦᠷᠦᠯ ᠵᠦᠢᠯ ᠢᠶᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ᠂ ᠤᠰᠤᠲᠤᠯ ᠢ ᠵᠠᠯᠠᠬᠤ ᠶᠢ ᠵᠠᠰᠠᠬᠤ᠂ ᠬᠥᠳᠡᠭᠡ ᠲᠣᠰᠬᠤᠨ ᠤ ᠤᠰᠤ ᠬᠠᠩᠭᠠᠬᠤ ᠵᠡᠷᠭᠡ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠠᠰᠢᠭᠯᠠᠯᠲᠠ ᠶᠢ ᠪᠦᠬᠦ ᠲᠠᠯ᠎ᠠ ᠪᠠᠷ ᠬᠥᠭᠵᠢᠭᠦᠯᠵᠦ᠂ ᠤᠰᠤᠨ ᠤ ᠬᠥᠨᠥᠭᠡᠯ ᠢ ᠠᠷᠢᠯᠭᠠᠬᠤ ᠬᠡᠷᠡᠭᠲᠡᠢ᠃ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠠᠶᠢᠲᠤᠷ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠤ ᠵᠠᠰᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠨᠡᠶᠢᠭᠡᠮ ᠤᠨ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠮᠥᠷᠲᠡᠭᠡᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠡᠢ᠃    ᠴᠢᠦ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ᠃ ᠣᠳᠣᠬᠠᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ︽ᠴᠠᠭ ᠤᠨ ᠬᠦᠰᠦᠨᠦᠭᠲᠦ︾ ᠶᠢ ᠵᠢᠭᠰᠠᠭᠠᠵᠤ᠂ ︽ᠪᠠᠷᠢᠯᠭ᠎ᠠ ᠶᠢᠨ ᠵᠢᠷᠤᠭ︾ ᠢ ᠵᠢᠷᠤᠵᠤ᠂ ᠴᠠᠭ ᠤᠨ ᠳᠠᠷᠠᠭᠠᠯᠠᠯ ᠢᠶᠠᠷ ᠴᠢᠩᠭ᠎ᠠ ᠠᠬᠢᠭᠤᠯᠵᠤ᠂ ᠴᠡᠭ ᠲᠤ ᠬᠦᠷᠴᠦ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠪᠣᠳᠠᠲᠠᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号