2025 ᠣᠨ ᠤ 3 ᠰᠠᠷ᠎ᠠ ᠶᠢᠨ 17 ᠤ ᠡᠳᠦᠷ᠂ ᠤᠯᠤᠰ ᠤᠨ ᠰᠣᠶᠣᠯ ᠪᠠ ᠵᠢᠭᠤᠯᠴᠢᠯᠠᠯ ᠤᠨ ᠶᠠᠮᠤᠨ | ᠵᠢᠷᠭᠤᠳᠤᠭᠠᠷ ᠪᠦᠯᠦᠭ ᠤᠨ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠤᠯᠠᠮᠵᠢᠯᠠᠭᠴᠢ ᠶᠢᠨ ᠨᠡᠷᠡᠰ ᠢ ᠵᠢᠩᠬᠢᠨᠢ ᠪᠠᠷ ᠨᠡᠶᠢᠲᠡᠯᠡᠪᠡ᠃ ᠮᠠᠨ ᠤ ᠬᠤᠰᠢᠭᠤᠨ ᠤ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠬᠤᠯᠪᠣᠭ᠎ᠠ ᠶᠢᠨ ᠵᠠᠯᠭᠠᠮᠵᠢᠯᠠᠭᠴᠢ ᠰᠢᠪᠠᠭᠤ ︵ᠬᠠᠢ | ᠴᠢᠩ︶᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠮᠣᠩᠭᠤᠯ | ᠡᠮᠨᠡᠯᠭᠡ ᠶᠢᠨ ᠶᠠᠰᠤ ᠪᠠᠷᠢᠬᠤ ᠵᠠᠰᠠᠯ ᠤᠨ ᠵᠠᠯᠭᠠᠮᠵᠢᠯᠠᠭᠴᠢ ᠬᠤ᠋ ᠲᠠᠯᠠᠢ ᠤᠯᠤᠰ ᠤᠨ ᠲᠠᠰ ᠤᠨ ᠲᠥᠯᠥᠭᠡᠯᠡᠬᠦ ᠴᠢᠨᠠᠷᠲᠠᠶ | ᠤᠯᠠᠮᠵᠢᠯᠠᠭᠴᠢ ᠶᠢᠨ ᠴᠣᠯᠠ ᠶᠢ ᠢᠷᠠᠭᠤ ᠠᠯᠳᠠᠷᠲᠠᠶ ᠪᠠᠷ ᠬᠦᠷᠲᠡᠪᠡ᠃ | ᠡᠨᠡ ᠪᠣᠯ ᠬᠤᠶᠠᠷ ᠵᠠᠯᠭᠠᠮᠵᠢᠯᠠᠭᠴᠢ ᠶᠢᠨ ᠬᠤᠪᠢ ᠬᠥᠮᠦᠨ ᠤ ᠢᠷᠠᠭᠤ ᠠᠯᠳᠠᠷ ᠪᠣᠯᠬᠤ ᠪᠠᠷ ᠪᠠᠷᠠᠬᠤ ᠥᠬᠡᠶ᠂ | ᠨᠠᠩ ᠴᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ | ᠬᠠᠮᠠᠭᠠᠯᠠᠯᠲᠠ ᠶᠢᠨ ᠠᠵᠢᠯ ᠤᠨ ᠴᠢᠬᠤᠯᠠ ᠶᠡᠭᠡ ᠦᠷ᠎ᠡ ᠪᠦᠲᠦᠭᠡᠯ ᠪᠣᠯᠤᠨ᠎ᠠ᠃ ᠠᠳᠡ᠂ ᠬᠤᠷᠴᠢᠨ ᠵᠡᠭᠦᠨ ᠭᠠᠷᠤᠨ | ᠬᠤᠶᠢᠲᠤ ᠬᠤᠰᠢᠭᠤᠨ ᠤ ᠰᠣᠶᠣᠯ ᠤᠨ ᠣᠷᠳᠣᠨ ᠰᠢᠪᠠᠭᠤ ︵ᠬᠠᠶ ᠴᠢᠩ︶᠂ ᠬᠤ᠋ ᠲᠠᠯᠠᠢ ᠬᠤᠶᠠᠷ ᠨᠥᠬᠦᠷ ᠲᠤ | ᠬᠠᠮᠤᠭ ᠤᠨ ᠬᠠᠯᠠᠭᠤᠨ ᠪᠠᠶᠠᠷ ᠬᠦᠷᠭᠡᠵᠦ ᠪᠠᠶᠢᠨ᠎ᠠ︕ ᠲᠡᠳᠡ ᠭᠦᠨ ᠵᠤᠵᠠᠭᠠᠨ ᠤᠷ᠎ᠠ ᠮᠡᠷᠭᠡᠵᠢᠯ ᠤᠨ ᠰᠠᠭᠤᠷᠢ ᠪᠠ | ᠴᠥᠬᠦᠷᠡᠰᠢ ᠦᠭᠡᠢ ᠤᠯᠠᠮᠵᠢᠯᠠᠯᠲᠠ ᠶᠢᠨ ᠬᠠᠯᠠᠭᠤᠨ ᠰᠡᠳᠬᠢᠯᠭᠡ ᠪᠠᠷ ᠬᠤᠯᠪᠣᠭ᠎ᠠ ᠪᠣᠯᠤᠨ ᠮᠣᠩᠭᠤᠯ ᠡᠮᠨᠡᠯᠭᠡ ᠶᠢᠨ | ᠶᠠᠰᠤ ᠪᠠᠷᠢᠬᠤ ᠵᠠᠰᠠᠯᠭ᠎ᠠ ᠭᠡᠬᠦ ᠡᠨᠡ ᠬᠤᠶᠠᠷ ᠵᠦᠢᠯ ᠤᠨ ᠬᠤᠪᠣᠷ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠢ | ᠰᠢᠨ᠎ᠡ ᠴᠠᠭ ᠦᠶ᠎ᠡ ᠳᠤ ᠭᠡᠷᠡᠯ ᠭᠢᠯᠪᠠᠭ᠎ᠠ ᠰᠠᠴᠤᠷᠠᠭᠤᠯᠵᠤ᠂ ᠦᠨᠳᠦᠰᠦᠲᠡᠨ ᠤ ᠰᠣᠶᠣᠯ ᠢ ᠦᠷᠭᠦᠯᠵᠢᠯᠡᠨ | ᠬᠥᠭᠵᠢᠭᠦᠯᠬᠦ ᠳᠤ ᠭᠠᠷᠮᠠᠭᠠᠢ ᠬᠤᠪᠢ ᠨᠡᠮᠡᠷᠢ ᠦᠵᠡᠭᠦᠯᠪᠡ᠃ | |