3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ | ᠴᠢᠦ ᠵᠢᠶᠦ᠋ᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠵᠦ᠂ ᠲᠠᠷᠠᠭᠠᠴᠢ ᠶᠢᠨ | ᠠᠯᠬᠤᠮ ᠤᠨ ᠠᠵᠢᠯ ᠢ ᠪᠠᠶᠢᠷᠢᠯᠠᠭᠤᠯᠪᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | ᠬᠤᠷᠠᠯ ᠠᠴᠠ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ᠂ ᠠᠷᠠᠳ | ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠠᠵᠤ ᠠᠬᠤᠢ ᠨᠡᠶᠢᠭᠡᠮ ᠤᠨ | ᠬᠥᠭᠵᠢᠯᠲᠡ ᠲᠠᠢ ᠬᠤᠯᠪᠣᠭᠳᠠᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠠᠶᠤᠯᠭᠦᠶ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠮᠢᠨᠴᠦᠭᠦᠷᠡᠨ | ᠲᠠᠶᠢᠪᠤᠰᠢᠷᠠᠬᠤ ᠪᠠ ᠭᠤᠷᠢᠳᠠᠬᠤ ᠰᠡᠳᠬᠢᠯᠭᠡ ᠶᠢ ᠢᠯᠠᠨ ᠳᠠᠪᠠᠭ᠋ᠤ ᠬᠡᠷᠡᠭᠲᠡᠶ︔ ᠨᠠᠮ ᠵᠠᠰᠠᠭ ᠤᠨ ᠨᠢᠭᠡᠳᠦᠭᠡᠷ | ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠡᠶ᠎ᠡ ᠪᠠᠷ ᠢᠶᠠᠨ ᠠᠳᠬᠤᠨ᠂ ᠶᠡᠷᠦᠩᠬᠡᠶ | ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ︔ ᠡᠯ᠎ᠡ ᠰᠠᠯᠠᠭ᠎ᠠ ᠮᠥᠴᠢᠷ ᠤᠳ ︽ᠭᠤᠷᠪᠠ ᠶᠢ ᠬᠠᠮᠢᠶᠠᠷᠴᠤ ᠭᠤᠷᠪᠠ ᠶᠢ | ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠢᠨᠠᠨ ᠬᠠᠮᠢᠶᠠᠷᠤᠯᠳᠠ ᠬᠤᠭᠤᠰᠣᠨ ᠪᠠᠶᠢᠬᠤ ᠶᠢ ᠡᠷᠡᠰ ᠬᠤᠷᠢᠭᠯᠠᠬᠤ ᠬᠡᠷᠡᠭᠲᠡᠢ | ︔ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠡᠳᠦᠷ ᠪᠦᠷᠢ ᠶᠢᠨ ᠳᠣᠭᠢᠷᠠᠭᠤᠯᠬᠤ ᠲᠣᠭᠲᠠᠴᠠ ᠶᠢ ᠪᠠᠶᠢᠭᠤᠯᠤᠨ᠂ | ᠬᠥᠳᠡᠯᠦᠩᠭᠦᠶ ᠪᠠᠶᠢᠳᠠᠯ ᠢ ᠡᠵᠡᠮᠰᠢᠵᠦ᠂ ᠠᠰᠠᠭᠤᠳᠠᠯ ᠢ ᠵᠣᠬᠢᠴᠠᠭᠤᠯᠤᠨ᠂ ᠳᠡᠭᠡᠳᠦ ᠱᠠᠲᠤᠨ ᠤ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠬᠤ ᠬᠡᠷᠡᠭᠲᠡᠶ︔ ᠡᠯ᠎ᠡ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠢ | ᠰᠢᠮᠳᠠᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠲᠦᠷᠢᠮ ᠢ | ᠲᠡᠭᠦᠯᠳᠡᠷᠵᠢᠭᠦᠯᠵᠦ᠂ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠨ᠂ ᠠᠮᠤᠷ ᠲᠦᠪᠰᠢᠨ ᠤ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠶ ᠭᠡᠵᠡᠢ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ | ᠲᠣᠬᠢᠷᠠᠭᠤᠯᠤᠯᠲᠠ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ | ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ | ᠲᠣᠭᠲᠠᠭᠤᠨ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠳᠠᠬᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ | ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃ | |