ᠭᠦᠸᠧ ᠲᠢᠶᠠᠨ ᠪᠦᠦ ᠭᠤᠣᠯ ᠨᠠᠭᠤᠷ ᠢ ᠲᠤᠭᠤᠷᠢᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/3/25
    3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠡᠰᠡᠭ ᠰᠤᠮᠤ ᠪᠠᠯᠭᠠᠰᠤᠨ ᠳᠤ ᠬᠦᠷᠴᠦ ᠭᠤᠤᠯ ᠨᠠᠭᠤᠷ ᠢ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠧᠨ ᠮᠢᠩ ᠵᠢᠴᠢ ᠬᠠᠮᠢᠶ᠎ᠠ ᠪᠥᠬᠦᠶ ᠰᠤᠮᠤ ᠪᠠᠯᠭᠠᠰᠤ᠂ ᠰᠠᠯᠠᠭ᠎ᠠ ᠮᠥᠴᠢᠷ᠂ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠣᠷᠣᠯᠴᠠᠵᠠᠶ᠃    ᠭᠦᠸᠧ ᠲᠢᠶᠠᠨ ᠪᠦᠦ ᠤᠷᠢᠳ ᠬᠤᠵᠢᠳ ᠤᠯᠠᠭᠠᠨ ᠲᠦᠯᠡᠭᠡ ᠬᠠᠭ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠤᠤᠯ ᠮᠥᠷᠡᠨ ᠨᠠᠭᠤᠷ ᠴᠥᠭᠦᠷᠥᠮ ᠢ ᠬᠤᠯᠪᠣᠨ ᠨᠡᠪᠲᠡᠷᠡᠭᠦᠯᠬᠦ ᠢᠨᠵᠧᠨᠧᠷᠢᠩ᠂ ᠪᠠᠷᠠᠭᠤᠨ ᠯᠢᠶᠣᠤ ᠾᠧ ᠭᠤᠤᠯ ᠤᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠬᠡᠰᠡᠭ᠂ ᠶᠢᠨ ᠪᠦᠦ ᠳᠦᠨ ᠪᠠᠯᠭᠠᠰᠤᠨ ᠤ ᠭᠤᠷᠭᠤᠤᠯᠲᠠᠢ ᠲᠣᠰᠬᠤᠨ ᠤ ᠤᠰᠤ ᠭᠠᠳᠠᠭᠰᠢᠯᠠᠭᠤᠯᠬᠤ ᠢᠨᠵᠧᠨᠧᠷᠢᠩ᠂ ᠰᠢᠷᠡᠭᠡᠲᠦ ᠨᠠᠭᠤᠷ ᠤᠨ ᠤᠰᠤ ᠭᠠᠳᠠᠭᠰᠢᠯᠠᠭᠤᠯᠬᠤ ᠬᠠᠭᠠᠭᠠᠯᠳᠠ ᠵᠢᠴᠢ ᠰᠢᠷᠡᠭᠡᠳᠦ ᠨᠠᠭᠤᠷ ᠠᠴᠠ ᠬᠦᠷᠭᠡᠨ ᠨᠠᠭᠤᠷ ᠬᠦᠷᠬᠦ ᠤᠰᠤ ᠭᠠᠳᠠᠭᠰᠢᠯᠠᠭᠤᠯᠬᠤ ᠰᠤᠪᠠᠭ ᠤᠨ ᠳᠣᠲᠣᠷ ᠴᠣᠭᠴᠠᠯᠠᠯ ᠤᠨ ᠪᠠᠷᠢᠯᠭ᠎ᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠲᠥᠰᠦᠯ᠂ ᠪᠥᠲᠥᠭᠡᠨ ᠪᠠᠶᠢᠭᠤᠯᠤᠯᠲᠠ ᠶᠢᠨ ᠠᠬᠢᠴᠠ ᠂ ᠪᠠᠯᠠ ᠮᠥᠩᠭᠦ ᠴᠤᠭᠯᠠᠭᠤᠯᠬᠤ᠂ ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ ᠵᠡᠷᠭᠡ ᠪᠠᠶᠢᠳᠠᠯ ᠵᠢᠴᠢ ᠶᠡᠬᠡᠳᠠᠯ᠎ᠠ ᠠᠴᠠ ᠯᠢᠶᠥᠥ ᠾᠧ ᠭᠤᠤᠯ ᠬᠦᠷᠬᠦ ᠰᠤᠪᠠᠭ᠂ ᠪᠠᠷᠠᠭᠤᠨ ᠯᠢᠶᠥᠥ ᠾᠧ ᠭᠤᠤᠯ ᠤᠨ ᠳᠡᠭᠡᠳᠦ ᠳᠣᠤᠷᠠᠳᠤ ᠤᠷᠤᠰᠬᠠᠯ ᠤᠨ ᠤᠰᠤᠨ ᠤ ᠪᠠᠶᠢᠳᠠᠯ ᠤᠰᠤᠨ ᠲᠦᠪᠰᠢᠨ᠂ ᠭᠤᠤᠯ ᠤᠨ ᠵᠠᠮ ᠤᠨ ᠵᠠᠰᠠᠯᠲᠠ᠂ ᠡᠳᠦᠷ ᠲᠤᠲᠤᠮ ᠤᠨ ᠲᠣᠭᠤᠷᠢᠨ ᠬᠠᠮᠠᠭᠠᠯᠠᠬᠤ ᠪᠠᠶᠢᠳᠠᠯ ᠢ ᠨᠠᠷᠢᠨ ᠣᠶᠢᠯᠠᠭᠠᠵᠤ᠂ ᠭᠤᠤᠯ ᠤᠨ ᠳᠠᠷᠤᠭ᠎ᠠ ᠶᠢᠨ ᠲᠦᠷᠢᠮ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃    ᠭᠦᠸᠧ ᠲᠢᠶᠠᠨ ᠪᠦᠦ ᠴᠢᠬᠤᠯᠠᠴᠢᠯᠠᠭᠰᠠᠨ ᠨᠢ᠂ ᠪᠠᠷᠠᠭᠤᠨ ᠯᠢᠶᠣᠤ ᠾᠧ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠤᠨ ᠲᠤᠬᠠᠶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠷᠠᠭᠤᠨ ᠯᠢᠶᠣᠤ ᠾᠧ ᠭᠤᠤᠯ ᠤᠨ ᠬᠠᠭᠤᠷᠠᠢ ᠤᠷᠤᠰᠬᠠᠯ ᠤᠨ ᠲᠠᠩ ᠭᠠᠵᠠᠷ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠭᠤᠤᠯ ᠤᠨ ᠵᠠᠮ ᠤᠨ ᠬᠤᠩᠭᠢᠯ ᠢ ᠴᠡᠪᠡᠷᠯᠡᠬᠦ᠂ ᠭᠤᠤᠯ ᠤᠨ ᠬᠤᠩᠭᠢᠯ ᠳᠤ ᠲᠠᠷᠢᠶ᠎ᠠ ᠳᠠᠷᠢᠬᠤ ᠶᠢ ᠴᠠᠭᠠᠵᠠᠯᠠᠬᠤ ᠠᠵᠢᠯ ᠢ ᠡᠷᠡᠰ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠠᠰᠢᠯᠭ᠎ᠠ ᠶᠢ ᠲᠣᠭᠤᠷᠢᠨ ᠪᠠᠶᠢᠴᠠᠭᠠᠵᠤ ᠠᠶᠤᠯ ᠢ ᠪᠠᠶᠢᠴᠠᠭᠠᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ᠠᠶᠤᠯᠲᠠᠢ ᠪᠠᠷᠢᠯᠭ᠎ᠠ ᠶᠢᠨ ᠬᠡᠰᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠳᠠᠯᠳᠠ ᠠᠶᠤᠯ ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠭᠤᠣᠯ ᠤᠨ ᠳᠠᠷᠤᠭ᠎ᠠ ᠶᠢᠨ ᠳᠦᠷᠢᠮ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠪᠠᠷᠠᠭᠤᠨ ᠯᠢᠶᠣᠤ ᠾᠧ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠡᠢ᠃    ᠭᠦᠸᠧ ᠲᠢᠶᠠᠨ ᠪᠦᠦ ᠬᠡᠯᠡᠬᠦ ᠳᠡᠭᠡᠨ᠂ ᠤᠰᠤᠨ ᠠᠰᠢᠭᠯᠠᠯᠲᠠ ᠶᠢᠨ ᠲᠥᠷᠥᠯ ᠵᠦᠢᠯ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ᠂ ᠬᠥᠭᠵᠢᠯᠲᠡ ᠶᠢᠨ ᠢᠨᠵᠧᠨᠧᠷᠢᠩ᠂ ᠠᠮᠤᠷ ᠲᠦᠪᠰᠢᠨ ᠤ ᠢᠨᠵᠧᠨᠧᠷᠢᠩ ᠮᠥᠨ᠂ ᠣᠳᠣᠬᠠᠨ ᠳᠤ ᠠᠰᠢᠭᠲᠠᠶ ᠮᠥᠷᠲᠡᠭᠡᠨ ᠠᠯᠤᠰ ᠬᠡᠲᠦ ᠳᠤ ᠠᠰᠢᠭᠲᠠᠶ ᠶᠤᠮ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠠᠷᠢᠯᠭ᠎ᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠦᠳᠦᠭᠡᠨ ᠪᠠᠶᠢᠭᠤᠯᠤᠯᠲᠠ ᠶᠢᠨ ᠴᠠᠭ ᠤᠨ ᠲᠡᠰ ᠳᠠᠷᠠᠭᠠᠯᠠᠯ ᠢ ᠰᠢᠯᠢᠳᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠮᠡᠷᠭᠡᠵᠢᠯ ᠤᠨ ᠲᠦᠷᠢᠮ ᠢ ᠴᠢᠩᠭ᠎ᠠ ᠵᠢᠷᠤᠮᠯᠠᠨ ᠪᠠᠷᠢᠯᠭ᠎ᠠ ᠶᠢᠨ ᠠᠵᠢᠯ ᠢ ᠵᠢᠷᠤᠮᠵᠢᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠥᠨᠳᠥᠷ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠲᠦᠷᠦᠯ ᠵᠦᠢᠯ ᠤᠨ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠲᠦᠬᠦᠭᠡᠷᠦᠮᠵᠢᠲᠦ ᠲᠠᠷᠢᠶᠠᠯᠠᠩ ᠢ ᠢᠵᠢ ᠪᠦᠷᠢᠳᠦᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠢᠨᠵᠧᠨᠧᠷᠢᠩ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠳᠠᠭᠤᠰᠬᠠᠵᠤ᠂ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号