ᠣᠶᠢᠷ᠎ᠠ ᠳᠤ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ 2025 ᠣᠨ ᠤ ᠲᠥᠪ ᠤᠨ ᠡᠳ᠋ ᠤᠨ ᠵᠠᠰᠠᠭ ᠤᠨ | ᠲᠠᠷᠢᠶᠠᠯᠠᠩ ᠢ ᠬᠦᠴᠦᠷᠬᠡᠭᠵᠢᠭᠦᠯᠵᠦ᠂ ᠲᠠᠷᠢᠶᠠᠴᠢᠳ ᠲᠤ ᠠᠰᠢᠭ ᠬᠦᠷᠲᠡᠭᠡᠵᠦ᠂ ᠲᠠᠷᠢᠶᠠᠴᠢᠳ ᠢ ᠪᠠᠶᠠᠵᠢᠭᠤᠯᠬᠤ | ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠨᠡᠶᠢᠲᠡᠯᠡᠪᠡ᠃ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠᠨ ᠳᠤ | ᠲᠥᠪ ᠤᠨ ᠡᠳ᠋ ᠤᠨ ᠵᠠᠰᠠᠭ ᠠᠴᠠ ᠡᠷᠦᠬᠡ ᠳᠤ ᠬᠦᠷᠲᠡᠯ᠎ᠡ ᠬᠥᠮᠦᠨ ᠳᠤᠨᠢ ᠬᠦᠷᠲᠡᠯ᠎ᠡ ᠨᠥᠬᠦᠪᠥᠷᠢ ᠥᠭᠬᠦ 9 | ᠵᠦᠢᠯ ᠤᠨ ᠲᠥᠷᠥ ᠶᠢᠨ ᠪᠣᠳᠣᠯᠭ᠎ᠠ ᠶᠢ ᠪᠠᠭᠲᠠᠭᠠᠨ᠎ᠠ᠃ | ᠥᠷᠭᠡᠨ ᠣᠯᠠᠨ ᠲᠠᠷᠢᠶᠠᠴᠢᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠭᠤᠤᠯ ᠴᠣᠭᠴᠠ ᠵᠢᠴᠢ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠤᠰ ᠤᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ | ᠬᠥᠲᠥᠯᠦᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠡᠳᠦᠭᠡ 2025 ᠣᠨ ᠳᠤ | ᠲᠣᠭᠲᠠᠭᠤᠨ ᠢᠶᠠᠷ ᠬᠡᠷᠡᠭᠵᠢᠬᠦᠯᠬᠦ ᠲᠥᠪ ᠤᠨ ᠡᠳ᠋ ᠤᠨ ᠵᠠᠰᠠᠭ ᠤᠨ ᠡᠷᠦᠬᠡ ᠳᠤ ᠬᠦᠷᠭᠡᠬᠦ ᠲᠠᠷᠢᠶᠠᠯᠠᠩ ᠤᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠳᠣᠤᠷᠠᠬᠢ ᠮᠡᠲᠦ ᠨᠡᠶᠢᠲᠡᠯᠡᠪᠡ᠃ | ᠨᠢᠭᠡ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠃ ᠨᠥᠬᠦᠪᠥᠷᠢ ᠥᠭᠬᠦ ᠡᠲᠡᠭᠡᠳ ᠨᠢ | ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠤᠨ ᠳᠠᠭᠠᠭᠠᠴᠢᠯᠠᠯᠲᠠ ᠶᠢᠨ ᠡᠷᠬᠡ ᠲᠠᠢ ᠲᠠᠷᠢᠶ᠎ᠠ ᠲᠠᠷᠢᠵᠤ ᠪᠠᠶᠢᠭ᠎ᠠ | ᠲᠠᠷᠢᠶᠠᠴᠢᠨ ᠬᠦᠴᠦ ᠶᠠᠪᠤᠭᠰᠠᠳ ᠲᠤ ᠪᠣᠳᠠᠲᠠᠶ ᠨᠥᠬᠦᠪᠥᠷᠢ ᠥᠭᠬᠦ ᠶᠠᠪᠤᠳᠠᠯ ᠢ ᠡᠯ᠎ᠡ ᠮᠤᠵᠢ ᠶᠢᠨ ᠱᠠᠲᠤᠨ ᠤ | ᠠᠷᠠᠳ ᠤᠨ ᠵᠠᠰᠠᠭ ᠤᠨ ᠣᠷᠳᠣᠨ ᠠᠴᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠵᠤ᠂ ᠨᠥᠬᠦᠪᠥᠷᠢ | ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ ᠪᠤᠶᠤ ︽ᠪᠦᠬᠦᠨ ᠳᠤ ᠲᠣᠬᠢᠷᠠᠬᠤ ᠬᠠᠳᠠᠭᠠᠯᠠᠮᠵᠢ ᠶᠢᠨ | ᠲᠡᠪᠳᠡᠷ︾ ᠲᠤ ᠤᠷᠤᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠷᠦᠬᠡ ᠳᠤ ᠰᠢᠭᠤᠳ ᠬᠦᠷᠭᠡᠨ᠎ᠡ᠃ | ᠨᠢᠭᠡᠨᠲᠡ ᠮᠠᠯ ᠠᠵᠤ ᠠᠬᠤᠶ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠣᠶᠢᠲᠤ | ᠭᠠᠵᠠᠷ᠂ ᠡᠪᠡᠰᠦᠲᠦ ᠭᠠᠵᠠᠷ᠂ ᠬᠡᠰᠡᠭ ᠬᠡᠰᠡᠭ ᠠᠮᠤ ᠪᠤᠳᠠᠭᠠᠨ ᠤ ᠲᠠᠷᠢᠶᠠᠨ ᠭᠠᠵᠠᠷ ᠢ ᠪᠡᠯᠡᠳᠭᠡᠮᠵᠢᠳᠤ | ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠤᠭᠰᠠᠨ ᠲᠠᠷᠢᠶᠠᠨ ᠭᠠᠵᠠᠷ᠂ ᠲᠠᠷᠢᠶᠠᠯᠠᠩ ᠤᠨ ᠪᠤᠰᠤ ᠲᠠᠷᠢᠶᠠᠨ | ᠭᠠᠵᠠᠷ ᠵᠡᠷᠭᠡ ᠬᠡᠷᠡᠭᠴᠡᠭᠡ ᠶᠢ ᠨᠢ ᠨᠢᠭᠡᠨᠲᠡ ᠬᠤᠪᠢᠷᠠᠭᠤᠯᠤᠭᠰᠠᠨ ᠲᠠᠷᠢᠶᠠᠨ ᠭᠠᠵᠠᠷ ᠲᠤ ᠳᠠᠬᠢᠵᠤ ᠨᠥᠬᠦᠪᠥᠷᠢ ᠥᠭᠴᠦ | ᠪᠣᠯᠬᠤ ᠦᠭᠡᠶ᠂ ᠨᠢᠭᠡ ᠵᠢᠯ ᠠᠴᠠ ᠳᠡᠭᠡᠭᠰᠢ ᠠᠲᠠᠷᠰᠢᠭᠤᠯᠤᠭᠰᠠᠨ ᠪᠠᠶᠢᠪᠠᠯ᠂ ᠳᠠᠷᠠᠭ᠎ᠠ ᠵᠢᠯ ᠤᠨ ᠨᠥᠬᠦᠪᠥᠷᠢ ᠥᠭᠬᠦ | ᠬᠢᠷᠢ ᠬᠡᠮ ᠢ ᠨᠢ ᠬᠦᠴᠦᠨ ᠦᠭᠡᠶ ᠪᠣᠯᠭᠠᠨ᠎ᠠ᠃ | ᠬᠤᠶᠠᠷ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠬᠢᠭᠡᠳ ᠬᠡᠷᠡᠭᠯᠡᠬᠦ ᠨᠥᠬᠦᠪᠥᠷᠢ᠃ ᠨᠥᠬᠦᠪᠥᠷᠢ | ᠣᠯᠭᠤᠬᠤ ᠡᠲᠡᠭᠡᠳ ᠪᠣᠯ ᠲᠠᠷᠢᠶᠠᠯᠠᠩ ᠤᠨ ᠦᠢᠯᠡᠳᠪᠦᠷᠢᠯᠡᠯ ᠡᠷᠬᠢᠯᠡᠵᠦ ᠪᠠᠶᠢᠭ᠎ᠠ ᠲᠠᠷᠢᠶᠠᠴᠢᠨ ᠪᠠ ᠲᠠᠷᠢᠶᠠᠯᠠᠩ ᠤᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ᠪᠣᠯᠤᠨ᠎ᠠ᠂ ᠬᠡᠷᠡᠭᠵᠢᠭᠦᠯᠬᠦ ᠠᠷᠭ᠎ᠠ ᠮᠠᠶ᠋ᠢᠭ ᠨᠢ ︽ | ᠥᠪᠡᠰᠦᠪᠡᠨ ᠡᠵᠡᠨ ᠮᠡᠳᠡᠵᠦ ᠮᠠᠰᠢᠨ ᠬᠤᠳᠠᠯᠳᠤᠨ ᠠᠪᠬᠤ᠂ ᠨᠣᠷᠮ᠎ᠠ ᠲᠣᠭᠲᠠᠭᠠᠨ ᠨᠥᠬᠦᠪᠥᠷᠢ ᠥᠭᠬᠦ᠂ ᠤᠷᠢᠳᠠᠪᠠᠷ | ᠬᠤᠳᠠᠯᠳᠤᠨ ᠠᠪᠴᠤ ᠳᠠᠷᠠᠭ᠎ᠠ ᠨᠢ ᠨᠥᠬᠦᠪᠥᠷᠢ ᠥᠭᠬᠦ᠂ ᠰᠢᠶᠠᠨ ᠤ ᠱᠠᠲᠤᠨ ᠤ ᠳ᠋ᠦᠩᠨᠡᠨ ᠪᠤᠳᠤᠬᠤ᠂ ᠨᠥᠬᠦᠪᠥᠷᠢ | ᠶᠢ ᠰᠢᠭᠤᠳ ᠺᠠᠷᠲ ︵ᠡᠷᠦᠬᠡ︶ ᠳᠤ ᠤᠷᠤᠭᠤᠯᠬᠤ︾ ᠪᠣᠯᠤᠨ᠎ᠠ᠃ ᠳᠡᠭᠡᠳᠦ ᠴᠢᠳᠠᠪᠬᠢᠲᠤ ᠳᠠᠷᠢᠬᠤ ᠮᠠᠰᠢᠨ᠂ | ᠤᠶᠤᠨᠲᠤ ᠳᠡᠭᠡᠳᠦ ᠬᠤᠷᠳᠤᠴᠠᠲᠤ ᠴᠢᠬᠢ ᠰᠠᠭᠤᠯᠭᠠᠬᠤ ᠮᠠᠰᠢᠨ᠂ ᠲᠣᠮᠣ ᠬᠡᠯᠪᠡᠷᠢ ᠶᠢᠨ ᠤᠶᠤᠨᠲᠤ ᠳᠡᠭᠡᠳᠦ ᠲᠠᠰ ᠤᠨ | ᠬᠤᠯᠪᠣᠭᠠᠯᠠᠨ ᠬᠤᠷᠢᠶᠠᠬᠤ ᠮᠠᠰᠢᠨ ᠵᠡᠷᠭᠡ ᠠᠮᠤ ᠪᠤᠳᠠᠭ᠎ᠠ ᠲᠣᠰᠣ ᠵᠡᠷᠭᠡ ᠭᠤᠤᠯ ᠪᠣᠯᠬᠤ ᠲᠠᠷᠢᠮᠠᠯ ᠤᠨ ᠶᠡᠭᠡ | ᠬᠡᠪᠴᠢᠶ᠎ᠡ ᠪᠠᠷ ᠨᠢᠭᠡᠴᠢ ᠤᠨᠠᠯᠲᠠ ᠶᠢᠨ ᠳᠡᠭᠡᠭᠰᠢᠯᠡᠯᠲᠡ᠂ ᠳᠣᠲᠠᠭᠳᠠᠯ ᠠᠭᠤᠯᠠᠷᠬᠠᠭ ᠣᠷᠣᠨ ᠤ ᠲᠠᠷᠢᠶᠠᠯᠠᠩ ᠤᠨ | ᠦᠢᠯᠡᠳᠪᠦᠷᠢᠯᠡᠯ ᠤᠨ ᠪᠠᠴᠢᠮ ᠬᠡᠷᠡᠭᠴᠡᠭᠡ᠂ ᠲᠠᠷᠢᠶᠠᠯᠠᠩ ᠤᠨ ᠮᠠᠰᠢᠨ ᠤ ᠲᠣᠨᠣᠭᠯᠠᠯ ᠤᠨ ᠳᠤᠲᠠᠭᠤᠳᠠᠯ ᠢ | ᠨᠥᠬᠦᠪᠥᠷᠢᠯᠡᠬᠦ᠂ ᠲᠠᠷᠢᠶᠠᠯᠠᠩ ᠤᠨ ᠪᠤᠰᠤᠳ ᠬᠦᠷᠢᠶᠡᠨ ᠤ ᠬᠥᠭᠵᠢᠯᠲᠡ ᠳᠤ ᠪᠠᠴᠢᠮ ᠬᠡᠷᠡᠭᠰᠡᠬᠦ ᠵᠡᠷᠭᠡ ᠲᠠᠷᠢᠶᠠᠯᠠᠩ ᠤᠨ | ᠮᠠᠰᠢᠨ ᠢ ᠳᠡᠯᠭᠡᠷᠡᠭᠦᠯᠦᠨ ᠬᠡᠷᠡᠭᠯᠡᠬᠦ ᠶᠢ ᠭᠤᠤᠯᠳᠠᠯᠭ᠎ᠠ ᠲᠠᠢ ᠳᠡᠮᠵᠢᠨ᠎ᠡ᠃ | ᠭᠤᠷᠪᠠ᠂ ᠪᠤᠭᠤᠳᠠᠶ ᠶᠢᠨ ︽ᠨᠢᠭᠡ ᠰᠦᠷᠴᠢᠬᠦ ᠭᠤᠷᠪᠠ ᠰᠡᠷᠭᠡᠶᠢᠯᠡᠬᠦ︾ ᠨᠥᠬᠦᠪᠥᠷᠢ᠃ ᠲᠤᠰᠠᠯᠠᠮᠵᠢ ᠬᠦᠷᠲᠡᠬᠦ | ᠡᠲᠡᠭᠡᠳ ᠪᠣᠯ ᠪᠤᠭᠤᠳᠠᠶ ᠶᠢᠨ ︽ᠨᠢᠭᠡ ᠰᠦᠷᠴᠢᠬᠦ ᠭᠤᠷᠪᠠ ᠰᠡᠷᠭᠡᠶᠢᠯᠡᠬᠦ︾ ᠡᠭᠦᠷᠭᠡ ᠶᠢ ᠡᠭᠦᠷᠭᠡᠯᠡᠵᠦ ᠪᠦᠬᠦᠢ ᠭᠤᠤᠯ | ᠴᠣᠭᠴᠠ ᠪᠣᠯᠤᠨ᠎ᠠ᠃ ᠡᠯ᠎ᠡ ᠭᠠᠵᠠᠷ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠵᠡᠷᠭᠡ ᠶᠢᠨ ᠦᠢᠯᠡᠳᠦᠯ ᠢᠶᠠᠨ ᠭᠦᠢᠴᠡᠳ | ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠲᠤᠰᠠᠯᠠᠮᠵᠢ ᠶᠢᠨ ᠪᠡᠯᠡ ᠮᠥᠩᠭᠦ ᠶᠢ ᠭᠤᠤᠯᠳᠠᠭᠤ ᠪᠤᠭᠤᠳᠠᠶ ᠶᠢᠨ ᠳᠤᠮᠳᠠ | ᠰᠡᠭᠦᠯᠴᠢ ᠶᠢᠨ ᠬᠤᠭᠤᠴᠠᠭᠠᠨ ᠤ ᠬᠤᠷᠣᠬᠠᠶ ᠠᠯᠠᠬᠤ ᠡᠮ᠂ ᠪᠠᠺᠲ᠋ᠧᠷᠢ ᠠᠯᠠᠬᠤ ᠡᠮ᠂ ᠤᠷᠭᠤᠮᠠᠯ ᠤᠨ ᠥᠰᠥᠯᠲᠡ ᠶᠢ | ᠲᠣᠬᠢᠷᠠᠭᠤᠯᠬᠤ ᠡᠮ ᠢ ᠬᠤᠯᠢᠯᠳᠤᠭᠤᠯᠤᠨ ᠬᠡᠷᠡᠭᠯᠡᠵᠦ᠂ ᠪᠤᠭᠤᠳᠠᠢ ᠶᠢ ᠲᠣᠮᠣ ᠲᠦᠷᠦᠭᠦᠦ ᠲᠠᠢ᠂ ᠪᠦᠳᠦᠭᠦᠨ | ᠮᠥᠬᠦᠯᠢᠭ ᠲᠠᠢ᠂ ᠨᠢᠭᠡᠴᠢ ᠤᠨᠠᠯᠳᠠ ᠨᠢ ᠦᠨᠳᠦᠷ ᠪᠤᠯᠭᠠᠬᠤ ᠶᠢ ᠠᠬᠢᠭᠤᠯᠬᠤ ᠳᠤ ᠬᠡᠷᠡᠭᠯᠡᠨ᠎ᠡ᠃ | ᠳᠥᠷᠪᠡ᠂ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠠᠯᠠᠭᠯᠠᠨ ᠲᠠᠷᠢᠬᠤ ᠨᠥᠬᠦᠪᠦᠷᠢ᠃ | ᠨᠥᠬᠦᠪᠥᠷᠢ ᠥᠭᠬᠦ ᠡᠲᠡᠭᠡᠳ ᠪᠣᠯ ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠠᠯᠠᠭᠯᠠᠨ ᠳᠠᠷᠢᠬᠤ | ᠡᠭᠦᠷᠭᠡ ᠶᠢ ᠡᠭᠦᠷᠭᠡᠯᠡᠵᠦ ᠪᠠᠶᠢᠭ᠎ᠠ ᠲᠠᠷᠢᠮᠠᠯ ᠤᠨ ᠭᠤᠣᠯ ᠴᠣᠭᠴᠠ ᠪᠣᠯᠤᠨ᠎ᠠ᠂ ᠬᠡᠪᠴᠢᠶᠡᠵᠢᠭᠦᠯᠦᠨ ᠳᠠᠷᠢᠬᠤ | ᠡᠷᠦᠬᠡ ᠶᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠪᠠᠶᠢᠭᠠᠳ ᠬᠠᠮᠢᠶ᠎ᠠ ᠪᠥᠬᠦᠶ ᠡᠭᠦᠷᠭᠡ ᠶᠢ ᠡᠭᠦᠷᠭᠡᠯᠡᠭᠦᠯᠵᠦ᠂ | ᠰᠢᠷ᠎ᠠ ᠪᠤᠷᠴᠠᠭ ᠡᠷᠳᠡᠨᠢ ᠰᠢᠰᠢ ᠶᠢ ᠪᠦᠰᠡᠯᠢᠭ ᠬᠡᠯᠪᠡᠷᠢ ᠪᠠᠷ ᠠᠯᠠᠭᠯᠠᠨ ᠳᠠᠷᠢᠬᠤ ᠮᠡᠷᠭᠡᠵᠢᠯ ᠢ ᠲᠣᠰ ᠭᠠᠵᠠᠷ | ᠣᠷᠣᠨᠵᠢᠭᠤᠯᠬᠤ᠂ ᠪᠣᠯᠪᠠᠰᠤᠷᠠᠭᠤᠯᠬᠤ ᠠᠬᠢᠴᠠ ᠶᠢ ᠲᠦᠷᠭᠡᠳᠬᠡᠬᠦ ᠶᠢ ᠠᠬᠢᠭᠤᠯᠤᠨ᠎ᠠ᠃ ᠲᠤᠰᠠᠯᠠᠮᠵᠢ ᠶᠢᠨ ᠪᠡᠯᠡ | ᠮᠥᠩᠭᠦ ᠶᠢ ᠭᠤᠣᠯᠳᠠᠭᠤ ᠵᠢᠱᠢᠶ᠎ᠡ ᠦᠵᠡᠭᠦᠯᠬᠦ ᠡᠭᠦᠷᠭᠡ ᠶᠢ ᠡᠭᠦᠷᠭᠡᠯᠡᠵᠦ ᠪᠠᠶᠢᠭ᠎ᠠ ᠲᠠᠷᠢᠶᠠᠴᠢᠨ ᠪᠤᠶᠤ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ᠲᠠᠷᠢᠬᠤ᠂ ᠪᠤᠷᠳᠤᠭᠤᠷ ᠣᠷᠣᠭᠤᠯᠬᠤ᠂ ᠡᠮ | ᠰᠦᠷᠴᠢᠬᠦ᠂ ᠬᠤᠷᠢᠶᠠᠬᠤ ᠵᠡᠷᠭᠡ ᠭᠤᠭᠴᠤᠭ᠎ᠠ ᠳᠤ ᠨᠡᠮᠡᠭᠳᠡᠭᠳᠡᠬᠦ ᠥᠪᠡᠷ ᠤᠨ ᠦᠷᠳᠡᠭ ᠢ ᠵᠣᠬᠢᠰᠲᠠᠢ | ᠨᠥᠬᠦᠪᠥᠷᠢᠯᠡᠬᠦ ᠳᠤ ᠬᠡᠷᠡᠭᠯᠡᠨ᠎ᠡ᠃ | ᠲᠠᠪᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠶᠢᠨ ᠨᠥᠬᠦᠪᠥᠷᠢ ᠪᠠ ᠲᠤᠲᠤᠷᠭ᠎ᠠ ᠶᠢᠨ ᠨᠥᠬᠦᠪᠥᠷᠢ᠃ | ᠵᠡᠭᠦᠨ ᠬᠤᠶᠢᠲᠤ ᠣᠷᠣᠨ ᠳᠤ ᠡᠷᠳᠡᠨᠢ ᠰᠢᠰᠢ ᠪᠣᠯᠤᠨ ᠰᠢᠷ᠎ᠠ ᠪᠤᠷᠴᠠᠭ ᠦᠢᠯᠡᠳᠪᠦᠷᠢᠯᠡᠭᠴᠢᠳ ᠲᠤ ᠥᠭᠬᠦ | ᠨᠥᠬᠦᠪᠥᠷᠢ ᠶᠢ ᠦᠷᠭᠦᠯᠵᠢᠯᠡᠨ ᠬᠡᠷᠡᠭᠵᠢᠭᠦᠯᠵᠦ᠂ ᠲᠤᠲᠤᠷᠭ᠎ᠠ ᠶᠢᠨ ᠭᠤᠤᠯ ᠭᠠᠷᠤᠯᠲᠠ ᠶᠢᠨ ᠮᠤᠵᠢ ᠳᠤ | ᠲᠤᠲᠤᠷᠭ᠎ᠠ ᠶᠢᠨ ᠨᠥᠬᠦᠪᠥᠷᠢ ᠶᠢ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠨ᠎ᠠ᠃ | | ᠵᠢᠷᠭᠤᠭ᠎ᠠ᠂ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠪᠠ ᠥᠨᠵᠢᠭᠦᠯᠦᠨ ᠲᠠᠷᠢᠬᠤ ᠨᠥᠬᠦᠪᠦᠷᠢ᠃ ᠲᠤᠰᠠᠯᠠᠮᠵᠢ | ᠬᠦᠷᠲᠡᠬᠦ ᠡᠲᠡᠭᠡᠳ ᠪᠣᠯ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠡᠭᠦᠷᠭᠡ ᠶᠢ ᠡᠭᠦᠷᠭᠡᠯᠡᠵᠦ ᠪᠦᠬᠦᠢ ᠲᠠᠷᠢᠬᠤ ᠭᠤᠤᠯ | ᠴᠣᠭᠴᠠ ᠪᠣᠯᠤᠨ᠎ᠠ᠃ ᠵᠡᠭᠦᠨ ᠬᠤᠶᠢᠲᠤ ᠣᠷᠣᠨ ᠳᠤ ᠡᠷᠳᠡᠨᠢ ᠰᠢᠰᠢ ᠰᠢᠷ᠎ᠠ ᠪᠤᠷᠴᠠᠭ ᠢ ᠡᠭᠡᠯᠵᠢᠯᠡᠨ ᠲᠠᠷᠢᠬᠤ ᠶᠢ | ᠭᠤᠤᠯᠳᠠᠯᠭ᠎ᠠ ᠲᠠᠢ ᠳᠡᠮᠵᠢᠵᠦ᠂ ᠬᠠᠲᠤᠨ ᠭᠤᠤᠯ᠂ ᠬᠤᠸᠠᠢ ᠾᠧ ᠭᠤᠤᠯ ᠬᠠᠶ ᠾᠧ ᠭᠤᠤᠯ ᠲᠠᠭᠠᠤ ᠣᠷᠣᠨ ᠳᠤ | ᠪᠤᠭᠤᠳᠠᠶ ᠡᠷᠳᠡᠨᠢ ᠰᠢᠰᠢ ᠪᠠ ᠪᠤᠭᠤᠳᠠᠶ ᠰᠢᠷ᠎ᠠ ᠪᠤᠷᠴᠠᠭ ︵ᠯᠣᠬᠠᠱᠧᠩ︶ ᠢ ᠡᠭᠡᠯᠵᠢᠯᠡᠨ ᠲᠠᠷᠢᠬᠤ ᠶᠢ ᠬᠡᠷᠡᠭᠵᠢᠭᠦᠯᠵᠦ | ᠂ ᠤᠮᠠᠷᠠᠲᠤ ᠶᠢᠨ ᠲᠠᠷᠢᠶᠠᠯᠠᠩ ᠮᠠᠯ ᠠᠵᠤ ᠠᠬᠤᠶ ᠶᠢᠨ ᠰᠣᠯᠪᠢᠴᠠᠭᠰᠠᠨ ᠣᠷᠣᠨ ᠪᠠ ᠰᠢᠨᠵᠢᠶᠠᠩ ᠤᠨ ᠬᠥᠪᠥᠩ | ᠲᠠᠷᠢᠬᠤ ᠣᠷᠣᠨ ᠳᠤ ᠬᠥᠪᠥᠩ᠂ ᠡᠷᠳᠡᠨᠢ ᠰᠢᠰᠢ ᠵᠡᠷᠭᠡ ᠶᠢ ᠯᠤᠬᠠᠱᠧᠩ᠂ ᠰᠢᠷ᠎ᠠ ᠪᠤᠷᠴᠠᠭ ᠲᠠᠢ ᠡᠭᠡᠯᠵᠢᠯᠡᠨ ᠲᠠᠷᠢᠬᠤ | ᠪᠤᠶᠤ ᠠᠯᠠᠭᠯᠠᠨ ᠲᠠᠷᠢᠬᠤ ᠶᠢ ᠳᠡᠯᠭᠡᠷᠡᠭᠦᠯᠵᠦ᠂ ᠰᠢᠷ᠎ᠠ ᠪᠤᠷᠴᠠᠭ ᠪᠣᠯᠤᠨ ᠲᠣᠰᠣᠯᠢᠭ ᠲᠠᠷᠢᠮᠠᠯ ᠤᠨ ᠲᠠᠯᠠᠪᠠᠶ ᠶᠢ | ᠦᠷᠭᠡᠳᠭᠡᠨ᠎ᠡ᠃ ᠾᠧᠪᠧᠶ ᠶᠢᠨ ᠭᠠᠵᠠᠷ ᠳᠣᠤᠷᠠᠬᠢ ᠤᠰᠤ ᠨᠡᠪᠴᠢᠵᠦ ᠪᠠᠶᠢᠭ᠎ᠠ ᠣᠷᠣᠨ᠂ ᠰᠢᠨᠵᠢᠶᠠᠩ ᠤᠨ ᠲᠠᠷᠢᠮ | ᠭᠤᠤᠯ ᠤᠨ ᠰᠠᠪᠠ ᠭᠠᠵᠠᠷ ᠤᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠵᠡᠷᠭᠡ ᠭᠠᠵᠠᠷ ᠲᠤ | ᠥᠨᠵᠢᠭᠦᠯᠦᠨ ᠲᠠᠷᠢᠬᠤ ᠲᠤᠷᠰᠢᠯᠲᠠ ᠶᠢᠨ ᠴᠢᠭ ᠢ ᠦᠷᠭᠦᠯᠵᠢᠯᠡᠨ ᠬᠡᠷᠡᠭᠵᠢᠬᠦᠯᠦᠨ᠎ᠡ᠃ | ᠳᠣᠯᠤᠭ᠎ᠠ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠨᠦᠬᠦᠪᠦᠷᠢ᠃ ᠨᠦᠬᠦᠪᠦᠷᠢ ᠬᠦᠷᠲᠡᠬᠦ | ᠡᠲᠡᠭᠡᠳ ᠨᠢ ᠨᠥᠬᠦᠴᠡᠯ ᠳᠤ ᠨᠡᠶᠢᠴᠡᠭᠰᠡᠨ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ | ᠂ ᠲᠠᠷᠢᠶᠠᠯᠠᠩ ᠤᠨ ᠦᠢᠯᠡᠴᠢᠯᠡᠭᠡᠨ ᠤ ᠺᠣᠮᠫᠠᠨᠢ᠂ ᠦᠢᠯᠡᠴᠢᠯᠡᠭᠡᠨ ᠤ ᠲᠤᠰᠬᠠᠶ ᠡᠷᠦᠬᠡ᠂ ᠬᠥᠳᠡᠭᠡ ᠲᠣᠰᠬᠤᠨ ᠤ | ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠭᠤᠤᠯ | ᠴᠣᠭᠴᠠ ᠪᠣᠯᠤᠨ᠎ᠠ᠃ ᠡᠯ᠎ᠡ ᠲᠥᠷᠥᠯ ᠤᠨ ᠦᠢᠯᠡᠴᠢᠯᠡᠭᠡᠨ ᠤ ᠭᠤᠤᠯ ᠴᠣᠭᠴᠠ ᠳᠤ ᠲᠤᠰᠬᠠᠶᠢᠵᠢᠭᠰᠠᠨ᠂ | ᠳᠥᠭᠦᠮᠴᠢᠯᠡᠭᠰᠡᠨ ᠦᠢᠯᠡᠴᠢᠯᠡᠭᠡ ᠬᠠᠩᠭᠠᠬᠤ ᠶᠢ ᠳᠡᠮᠵᠢᠵᠦ᠂ ᠠᠮᠤ ᠪᠤᠳᠠᠭ᠎ᠠ ᠲᠣᠰᠣ ᠵᠡᠷᠭᠡ ᠭᠤᠤᠯ ᠪᠣᠯᠬᠤ | ᠲᠠᠷᠢᠮᠠᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠶᠡᠭᠡ ᠲᠠᠯᠠᠪᠠᠶ ᠪᠠᠷ ᠳᠡᠭᠡᠭᠰᠢᠯᠡᠭᠦᠯᠬᠦ ᠵᠡᠷᠭᠡ ᠲᠡᠷᠢᠭᠦᠨ ᠤ | ᠬᠡᠷᠡᠭᠯᠡᠭᠡᠨ ᠤ ᠮᠡᠷᠭᠡᠵᠢᠯ ᠢᠶᠠᠷ ᠭᠤᠤᠯᠳᠠᠯᠭ᠎ᠠ ᠲᠠᠢ ᠠᠭᠤᠯᠭ᠎ᠠ ᠪᠣᠯᠭᠠᠨ᠂ ᠲᠥᠪᠯᠡᠷᠡᠭᠦᠯᠦᠨ ᠲᠥᠬᠦᠷᠵᠢᠭᠦᠯᠦᠭᠰᠡᠨ | ᠶᠡᠷᠦᠩᠬᠡᠶᠢᠯᠡᠭᠰᠡᠨ ᠴᠢᠨᠠᠷᠲᠠᠶ ᠰᠢᠢᠳᠪᠦᠷᠢᠯᠡᠬᠦ ᠲᠥᠰᠦᠯ ᠢ ᠳᠡᠯᠭᠡᠷᠡᠭᠦᠯᠦᠨ ᠬᠡᠷᠡᠭᠯᠡᠵᠦ᠂ ᠥᠨᠳᠥᠷ ᠤᠨᠠᠯᠲᠠ ᠲᠠᠢ ᠴᠢᠨᠠᠷ | ᠰᠠᠶᠢᠲᠠᠶ᠂ ᠥᠪᠡᠷ ᠤᠨ ᠥᠷᠲᠡᠭ ᠢ ᠠᠷᠪᠢᠯᠠᠵᠤ ᠬᠤᠬᠢᠷᠠᠯ ᠢ ᠪᠠᠭᠠᠰᠬᠠᠬᠤ ᠶᠢ ᠠᠬᠢᠭᠤᠯᠤᠨ᠎ᠠ︔ ᠵᠠᠩᠭᠢᠯᠠᠭ᠎ᠠ ᠶᠢᠨ | ᠭᠤᠭᠴᠤᠭ᠎ᠠ᠂ ᠭᠠᠭᠴᠠ ᠭᠤᠭᠴᠣᠭᠠᠨ ᠳᠠᠬᠢ ᠦᠢᠯᠡᠴᠢᠯᠡᠭᠡᠨ ᠤ ᠨᠥᠬᠦᠪᠥᠷᠢ ᠶᠢᠨ ᠭᠤᠤᠯᠳᠠᠯᠭ᠎ᠠ ᠨᠢ ᠠᠮᠤ | ᠪᠤᠳᠠᠭ᠎ᠠ ᠶᠢ ᠨᠠᠷᠢᠯᠢᠭ ᠳᠠᠷᠢᠬᠤ ᠵᠡᠷᠭᠡ ᠪᠠᠴᠢᠮ ᠰᠢᠢᠳᠪᠦᠷᠢᠯᠡᠬᠦ ᠴᠢᠬᠤᠯᠠᠲᠠᠶ ᠳᠤᠲᠠᠭᠤᠳᠠᠯ ᠤᠨ ᠭᠤᠭᠴᠤᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ᠎ᠡ᠃ | ᠨᠠᠢᠮᠠ᠂ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ ᠬᠢᠭᠡᠳ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠱᠠᠩᠨᠠᠯ᠃ ᠮᠠᠯᠵᠢᠬᠤ ᠣᠷᠣᠨ ᠤ 13 ᠮᠤᠵᠢ ᠣᠷᠣᠨ ᠵᠢᠴᠢ ᠰᠢᠨᠵᠢᠶᠠᠩ ᠤᠨ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠤᠨ ᠪᠡᠭᠡᠵᠢᠩ ᠶᠡᠭᠡ ᠰᠤᠷᠭᠠᠭᠤᠯᠢ ᠶᠢᠨ ᠠᠲᠠᠷ | ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ | ᠴᠠᠭᠠᠵᠠᠯᠠᠬᠤ ᠳᠤ ᠲᠤᠰᠠᠯᠠᠬᠤ ᠬᠢᠭᠡᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠱᠠᠩᠨᠠᠯ ᠢ ᠦᠷᠭᠦᠯᠵᠢᠯᠡᠨ | ᠬᠡᠷᠡᠭᠵᠢᠬᠦᠯᠦᠨ᠎ᠡ᠃ ᠪᠡᠯᠡ ᠮᠥᠩᠭᠦ ᠶᠢ ᠭᠤᠤᠯᠳᠠᠭᠤ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ | ᠬᠡᠷᠡᠭᠵᠢᠭᠦᠯᠬᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠠᠬᠢᠭᠤᠯᠬᠤ ᠶᠢ ᠳᠡᠮᠵᠢᠬᠦ ᠳᠤ ᠬᠡᠷᠡᠭᠯᠡᠵᠦ᠂ | ᠾᠧᠪᠧᠶ᠂ ᠱᠠᠨᠰᠢ ᠵᠡᠷᠭᠡ 5 ᠮᠤᠵᠢ ᠪᠣᠯᠤᠨ ᠤᠮᠠᠷᠠᠳᠤ ᠶᠢᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ ᠬᠡᠷᠡᠭᠯᠡᠵᠦ᠂ | ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠳᠤ | ᠬᠡᠷᠡᠭᠯᠡᠵᠦ ᠪᠣᠯᠤᠨ᠎ᠠ᠃ ᠲᠠᠷᠢᠶᠠᠴᠢᠨ ᠮᠠᠯᠴᠢᠳ ᠢ ᠱᠠᠩᠨᠠᠬᠤ ᠪᠡᠯᠡ ᠮᠥᠩᠭᠦ ᠶᠢ ︽ᠪᠦᠬᠦᠨ ᠳᠤ ᠲᠣᠬᠢᠷᠠᠬᠤ ᠺᠠᠷᠲ︾ | ᠪᠤᠶᠤ ︽ ᠪᠦᠬᠦᠨ ᠳᠤ ᠲᠤᠬᠢᠷᠠᠬᠤ ᠲᠡᠪᠳᠡᠷ︾ ᠵᠡᠷᠭᠡ ᠳᠤ ᠤᠷᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠲᠠᠷᠢᠶᠠᠴᠢᠨ ᠮᠠᠯᠴᠢᠳ ᠲᠤ ᠣᠯᠭᠤᠨ᠎ᠠ᠃ | ᠶᠢᠰᠦ᠂ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ᠃ ᠲᠥᠪ ᠤᠨ ᠡᠳ᠋ ᠤᠨ ᠵᠠᠰᠠᠭ ᠠᠴᠠ | ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ᠂ ᠣᠢ ᠰᠢᠭᠤᠢ ᠭᠤᠷᠪᠠᠨ ᠶᠡᠭᠡ ᠲᠦᠷᠦᠯ 16 ᠵᠦᠢᠯ ᠤᠨ ᠶᠡᠭᠡ | ᠬᠡᠮᠵᠢᠶᠡᠨ ᠤ ᠲᠠᠷᠢᠶᠠᠯᠠᠩ ᠤᠨ ᠪᠦᠲᠦᠭᠡᠭᠳᠡᠭᠦᠨ ᠳᠤ ᠲᠠᠷᠢᠶᠠᠯᠠᠩ ᠤᠨ ᠳᠠᠭᠠᠳᠬᠠᠯ ᠤᠨ ᠨᠦᠬᠦᠪᠦᠷᠢ ᠬᠠᠩᠬᠠᠨ᠎ᠠ᠃ | ᠡᠭᠦᠨ ᠳᠤ᠂ ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠬᠥᠪᠥᠩ᠂ ᠲᠥᠮᠥᠰᠥ᠂ ᠲᠣᠰᠣᠯᠢᠭ ᠲᠠᠷᠢᠮᠠᠯ᠂ ᠰᠢᠬᠢᠷᠯᠢᠭ | ᠲᠠᠷᠢᠮᠠᠯ᠂ ᠪᠠᠶᠢᠭᠠᠯᠢ ᠶᠢᠨ ᠭᠤᠮ᠂ ᠭᠤᠷᠪᠠᠨ ᠲᠣᠮᠣ ᠠᠮᠤ ᠪᠤᠳᠠᠭᠠᠨ ᠤ ᠲᠠᠷᠢᠮᠠᠯ ᠤᠨ ᠦᠷ᠎ᠡ ᠪᠤᠶᠢᠵᠢᠭᠤᠯᠬᠤ᠂ | ᠦᠷᠡᠵᠢᠬᠦ ᠮᠡᠭᠡᠵᠢ᠂ ᠰᠠᠭᠠᠯᠢ ᠶᠢᠨ ᠦᠨᠢᠶ᠎ᠡ᠂ ᠨᠡᠶᠢᠲᠡ ᠶᠢᠨ ᠠᠰᠠᠷᠠᠮᠵᠢ ᠶᠢᠨ ᠣᠶ ᠪᠣᠯᠤᠨ ᠲᠠᠸᠠᠷ ᠤᠨ ᠣᠶ᠂ | ᠨᠣᠬᠠᠶ ᠶᠢᠨ ᠬᠤᠰᠢᠭᠤ᠂ ᠰᠠᠷᠯᠤᠭ ᠵᠡᠷᠭᠡ ᠶᠢ ᠪᠠᠭᠲᠠᠭᠠᠨ᠎ᠠ᠃ ᠨᠥᠬᠦᠪᠥᠷᠢ ᠥᠭᠬᠦ ᠬᠠᠷᠢᠴᠠᠯ ᠨᠢ ᠲᠥᠪ ᠤᠨ ᠡᠳ᠋ ᠤᠨ | ᠵᠠᠰᠠᠭ ᠠᠴᠠ ᠮᠤᠵᠢ ᠶᠢᠨ ᠱᠠᠲᠤᠨ ᠤ ᠡᠳ᠋ ᠤᠨ ᠵᠠᠰᠠᠭ ᠤᠨ ᠨᠥᠬᠦᠪᠥᠷᠢ ᠶᠢ 25% ᠠᠴᠠ ᠳᠣᠤᠷ᠎ᠠ ᠪᠠᠶᠢᠯᠭᠠᠬᠤ | ᠦᠭᠡᠶ ᠰᠠᠭᠤᠷᠢᠨ ᠳᠡᠭᠡᠷ᠎ᠡ᠂ ᠵᠡᠭᠦᠨ ᠬᠡᠰᠡᠭ᠂ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠪᠣᠯᠤᠨ ᠵᠡᠭᠦᠨ | ᠬᠤᠶᠢᠲᠤ ᠣᠷᠣᠨ ᠬᠤᠪᠢᠶᠠᠵᠤ᠂ ᠲᠠᠷᠢᠮᠠᠯ ᠤᠨ ᠦᠢᠯᠡᠰ ᠤᠨ ᠳᠠᠭᠠᠳᠬᠠᠯ ᠳᠤ ᠲᠤᠰ ᠲᠤᠰ 35%᠂ 45% ᠶᠢᠨ | ᠨᠥᠬᠦᠪᠥᠷᠢ ᠬᠠᠩᠭᠠᠵᠤ᠂ ᠲᠡᠵᠢᠭᠡᠨ ᠦᠷᠡᠵᠢᠭᠦᠯᠬᠦ ᠦᠢᠯᠡᠰ ᠤᠨ ᠳᠠᠭᠠᠳᠬᠠᠯ ᠳᠤ ᠲᠤᠰ ᠲᠤᠰ 40%᠂ | 50% ᠶᠢᠨ ᠨᠥᠬᠦᠪᠥᠷᠢ ᠬᠠᠩᠭᠠᠨ᠎ᠠ᠃ ᠲᠤᠲᠤᠷᠭ᠎ᠠ᠂ ᠪᠤᠭᠤᠳᠠᠢ᠂ ᠡᠷᠳᠡᠨᠢ ᠰᠢᠰᠢ ᠵᠡᠷᠭᠡ ᠭᠤᠷᠪᠠᠨ ᠶᠡᠭᠡ ᠠᠮᠤ | ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠥᠬᠦ ᠤᠯᠤᠰ ᠲᠤ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠷ᠎ᠠ | ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ | ᠲᠥᠷᠥ ᠶᠢᠨ ᠪᠣᠳᠣᠯᠭ᠎ᠠ ᠶᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠠ | ᠲᠤᠰᠠᠭᠠᠷ ᠲᠥᠯᠥᠪᠯᠡᠭᠡᠲᠦ ᠬᠤᠲᠠ ᠳᠤ ᠪᠦᠷᠬᠦᠭᠦᠯᠦᠨ᠎ᠡ᠃ ᠡᠭᠦᠨ ᠠᠴᠠ ᠭᠠᠳᠠᠨ᠎ᠠ᠂ ᠲᠥᠪ ᠤᠨ ᠡᠳ᠋ ᠤᠨ ᠵᠠᠰᠠᠭ ᠵᠢᠯ | ᠪᠦᠷᠢ ᠵᠣᠬᠢᠬᠤ ᠬᠡᠪᠴᠢᠶᠡᠨ ᠤ ᠪᠡᠯᠡ ᠮᠥᠩᠭᠦ ᠲᠣᠬᠢᠷᠠᠭᠤᠯᠤᠨ᠂ ᠣᠷᠣᠨ ᠨᠤᠲᠤᠭ ᠤᠨ ᠳᠠᠪᠠᠭᠤᠯᠢᠭ ᠪᠦᠬᠦᠢ | ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠳᠤ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ | ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠳᠡᠮᠵᠢᠯᠭᠡ ᠦᠵᠡᠭᠦᠯᠦᠨ᠎ᠡ᠃ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠨᠢ ᠲᠥᠪ ᠤᠨ ᠡᠳ᠋ ᠤᠨ ᠵᠠᠰᠠᠭ ᠤᠨ ᠪᠡᠯᠡ ᠮᠥᠩᠭᠦ ᠶᠢ | ᠲᠣᠭᠲᠠᠭᠠᠭᠰᠠᠨ ᠬᠦᠴᠦᠨ ᠵᠦᠢᠯ ᠶᠣᠰᠣᠭᠠᠷ ᠲᠥᠰᠦᠪᠯᠡᠨ ᠪᠣᠳᠣᠵᠤ᠂ ᠮᠤᠵᠢ ᠳᠤ ᠬᠦᠷᠲᠡᠯ᠎ᠡ ᠬᠤᠪᠢᠶᠠᠷᠢᠯᠠᠵᠤ᠂ | ᠮᠤᠵᠢ ᠶᠢᠨ ᠱᠠᠲᠤᠨ ᠠᠴᠠ ᠱᠠᠭᠠᠷᠳᠠᠯᠭ᠎ᠠ ᠶᠣᠰᠣᠭᠠᠷ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠦᠨᠳᠦᠰᠦᠨ ᠱᠠᠲᠤ ᠶᠢ ᠵᠣᠬᠢᠶᠠᠨ ᠪᠠᠶᠢᠭᠤᠯᠤᠨ ᠨᠥᠬᠦᠪᠥᠷᠢ ᠥᠭᠬᠦ ᠬᠡᠪᠴᠢᠶ᠎ᠡ᠂ ᠳᠡᠮᠵᠢᠬᠦ ᠡᠲᠡᠭᠡᠳ ᠪᠣᠯᠤᠨ | ᠨᠥᠬᠦᠪᠥᠷᠢ ᠶᠢᠨ ᠪᠠᠷᠢᠮᠵᠢᠶ᠎ᠠ ᠶᠢ ᠨᠠᠷᠢᠯᠢᠭᠵᠢᠭᠤᠯᠤᠨ᠎ᠠ᠃ | | |