2021 ᠣᠨ ᠤ 6 ᠰᠠᠷ᠎ᠠ ᠠᠴᠠ ᠡᠬᠢᠯᠡᠨ᠂ ᠪᠥᠬᠦ ᠤᠯᠤᠰ ᠲᠤ ᠵᠠᠯᠭᠠᠭ᠎ᠠ ᠪᠠᠷ 21 ᠮᠤᠵᠢ ᠳᠤ ᠬᠤᠶᠠᠳᠤᠭᠠᠷ | ᠡᠭᠡᠯᠵᠢ ᠶᠢᠨ ᠤᠷᠤᠭ ᠤᠨ ᠲᠠᠩᠰᠠᠯᠠᠯᠳᠠ ᠶᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠲᠤᠷᠰᠢᠯᠲᠠ | ᠥᠷᠨᠢᠭᠦᠯᠪᠡ᠃ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠨᠡᠩ ᠰᠠᠶᠢᠨ ᠬᠠᠷᠢᠭᠤᠯᠲᠠ ᠥᠭᠬᠦ ᠶᠢᠨ ᠲᠥᠯᠥᠭᠡ᠂ | ᠲᠤᠷᠰᠢᠯᠲᠠ ᠶᠢᠨ ᠴᠡᠭ ᠤᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠳ᠋ᠦᠩᠨᠡᠭᠰᠡᠨ ᠰᠠᠭᠤᠷᠢᠨ ᠳᠡᠭᠡᠷ᠎ᠡ᠂ | ᠤᠷᠤᠭ ᠤᠨ ᠲᠠᠩᠰᠠᠯᠠᠯᠳᠠ ᠶᠢ ︽ᠪᠦᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠬᠡᠷᠡᠭᠵᠢᠬᠦᠯᠦᠨ᠎ᠡ᠂ ᠲᠤᠬᠠᠢ ᠶᠢᠨ | ᠦᠶ᠎ᠡ ᠳᠤ ᠲᠤᠬᠠᠢ ᠶᠢᠨ ᠬᠥᠮᠥᠨ ᠤᠷᠤᠭ ᠤᠨ ᠳᠠᠩᠰᠠᠯᠠᠯᠲᠠ ᠶᠢ ᠭᠦᠢᠴᠡᠳᠬᠡᠬᠦ ᠳᠤ ᠪᠠᠶᠢᠩᠭᠤ ᠰᠠᠭᠤᠭ᠎ᠠ ᠡᠷᠦᠬᠡ | ᠠᠮᠠ ᠶᠢᠨ ᠳᠠᠩᠰᠠ ᠪᠠᠶᠢᠭ᠎ᠠ ᠭᠠᠵᠠᠷ ᠲᠤ ᠳᠠᠬᠢᠵᠤ ᠬᠢᠵᠠᠭᠠᠷᠯᠠᠭᠳᠠᠬᠤ ᠦᠭᠡᠢ᠃ | ᠠᠷᠠᠳ ᠤᠨ ᠶᠠᠪᠤᠳᠠᠯ ᠤᠨ ᠶᠠᠮᠤᠨ ᠠᠴᠠ ᠡᠯ᠎ᠡ ᠭᠠᠵᠠᠷ ᠢ ᠵᠢᠯᠣᠭᠤᠳᠤᠨ ᠵᠢᠷᠤᠮᠵᠢᠭᠰᠠᠨ ᠪᠠᠶᠢᠭᠤᠯᠤᠯᠲᠠ ᠶᠢ | ᠲᠠᠰᠤᠷᠠᠯᠲᠠ ᠦᠭᠡᠢ ᠴᠢᠩᠭᠠᠳᠬᠠᠵᠤ᠂ ᠭᠥᠯᠢᠶᠡᠨ ᠠᠪᠴᠤ ᠰᠢᠢᠳᠪᠦᠷᠢᠯᠡᠬᠦ ᠨᠥᠬᠦᠴᠡᠯ᠂ ᠭᠦᠢᠴᠡᠳᠬᠡᠬᠦ ᠶᠠᠪᠤᠴᠠ ᠪᠠ | ᠭᠡᠷᠡᠴᠢ ᠦᠨᠡᠮᠯᠡᠯ ᠤᠨ ᠮᠠᠲ᠋ᠧᠷᠢᠶᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠤᠷᠤᠭ ᠳᠠᠩᠰᠠᠯᠠᠬᠤ ᠪᠠᠶᠢᠭᠤᠯᠤᠯᠭ᠎ᠠ | ᠲᠤᠬᠠᠶᠢᠲᠠᠶ ᠬᠥᠮᠦᠨ ᠤ ᠬᠠᠩᠭᠠᠭᠰᠠᠨ ᠭᠡᠷᠡᠴᠢ ᠦᠨᠡᠮᠯᠡᠯ ᠤᠨ ᠮᠠᠲ᠋ᠧᠷᠢᠶᠠᠯ ᠨᠢ ᠦᠨᠡᠨ ᠪᠣᠳᠠᠲᠠᠶ ᠪᠠᠶᠢᠬᠤ ᠡᠰᠡᠬᠦ᠂ | ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ ᠰᠢᠯᠭᠠᠵᠤ᠂ ᠳᠠᠩᠰᠠᠯᠠᠬᠤ | ᠲᠤᠬᠠᠶᠢᠯᠠᠭᠰᠠᠨ ᠠᠵᠢᠯ ᠢ ᠬᠠᠤᠯᠢ ᠶᠣᠰᠣᠭᠠᠷ ᠴᠢᠩᠭ᠎ᠠ ᠭᠦᠢᠴᠡᠳᠬᠡᠬᠦ ᠬᠡᠷᠡᠭᠲᠡᠶ᠃ | ᠡᠯ᠎ᠡ ᠭᠠᠵᠠᠷ ᠳᠦᠷᠢᠮᠵᠢᠭᠦᠯᠬᠦ ᠪᠠᠶᠢᠭᠤᠯᠤᠯᠲᠠ ᠶᠢ ᠴᠢᠩᠭᠠᠳᠬᠠᠬᠤ ᠶᠢ ᠰᠢᠮᠳᠠᠭᠤᠯᠵᠤ᠂ ᠬᠤᠯᠪᠣᠭᠳᠠᠯ ᠪᠦᠬᠦᠢ | ᠤᠷᠤᠭ ᠤᠨ ᠲᠠᠩᠰᠠᠯᠠᠯᠳᠠ ᠶᠢᠨ ᠠᠵᠢᠯ ᠤᠨ ᠵᠢᠷᠤᠮᠵᠢᠯ ᠢ ᠲᠡᠭᠦᠯᠳᠡᠷᠵᠢᠭᠦᠯᠵᠦ᠂ ᠤᠷᠤᠭ ᠤᠨ ᠲᠠᠩᠰᠠᠯᠠᠯᠳᠠ ᠶᠢᠨ | ᠴᠣᠩᠬᠤᠪᠴᠢ ᠶᠢᠨ ᠦᠢᠯᠡᠴᠢᠯᠡᠭᠡᠨ ᠤ ᠵᠢᠷᠤᠮᠵᠢᠯ᠂ ᠠᠵᠢᠯ ᠤᠨ ᠰᠠᠬᠢᠯᠭ᠎ᠠ ᠪᠠᠲᠤ᠂ ᠪᠣᠯᠪᠠᠰᠤᠨ ᠦᠭᠡ᠂ | ᠦᠢᠯᠡᠴᠢᠯᠡᠭᠡ ᠶᠢᠨ ᠴᠡᠭᠡᠷ ᠦᠭᠡ ᠶᠢ ᠲᠣᠳᠣᠷᠬᠠᠶᠢᠯᠠᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠵᠢᠯᠣᠭᠤᠳᠤᠨ ᠴᠢᠩᠭᠠᠳᠬᠠᠵᠤ᠂ ᠤᠷᠤᠭ ᠤᠨ ᠲᠠᠩᠰᠠᠯᠠᠯᠳᠠ ᠶᠢᠨ ᠤᠷᠢᠳᠴᠢᠯᠠᠨ ᠪᠣᠯᠵᠣᠬᠤ ᠦᠢᠯᠡᠴᠢᠯᠡᠭᠡ ᠶᠢ | ᠢᠳᠡᠪᠬᠢᠲᠡᠢ ᠬᠠᠩᠭᠠᠵᠤ᠂ ᠤᠷᠤᠭ ᠤᠨ ᠲᠠᠩᠰᠠᠯᠠᠯᠳᠠ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠰᠦᠯᠵᠢᠶ᠎ᠡ ᠪᠠᠷ | ᠬᠠᠷᠭᠤᠭᠤᠯᠬᠤ ᠠᠵᠢᠯ ᠢ ᠭᠦᠨᠵᠡᠭᠡᠢ ᠥᠷᠨᠢᠭᠦᠯᠦᠨ᠎ᠡ᠃ | |