ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠭᠠᠵᠠᠷ ᠨᠤᠲᠤᠭ ᠥᠷᠭᠡᠨ ᠠᠭᠤᠳᠠᠮ᠂ ᠪᠠᠶᠢᠭᠠᠯᠢ ᠶᠢᠨ | ᠥᠩᠭᠡ ᠦᠵᠡᠮᠵᠢ ᠭᠤᠶᠢᠳᠠ ᠰᠠᠶᠢᠬᠠᠨ᠂ ᠰᠡᠶᠢᠷᠡᠭ ᠣᠶ ᠰᠢᠭᠤᠶ ᠨᠤᠲᠤᠭ ᠪᠡᠯᠴᠢᠭᠡᠷ᠂ ᠪᠠᠯᠠᠷ ᠣᠢ ᠰᠢᠭᠤᠶ᠂ ᠨᠠᠭᠤᠷ | ᠴᠥᠭᠦᠷᠥᠮ᠂ ᠡᠯᠡᠰᠦ ᠮᠠᠩᠬ᠎ᠠ᠂ ᠦᠨᠳᠦᠰᠦᠲᠡᠨ ᠤ ᠵᠠᠩ ᠠᠭᠠᠯᠢ ᠵᠢᠴᠢ ᠲᠡᠤᠬᠡ ᠶᠢᠨ ᠳᠤᠷᠠᠰᠬᠠᠯᠲᠤ ᠵᠦᠢᠯᠡᠰ | ᠡᠷᠲᠡᠨ ᠤ ᠪᠠᠭᠤᠷᠢ ᠵᠡᠷᠭᠡ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠲᠠᠢ ᠪᠠᠶᠢᠳᠠᠭ᠃ | ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠳᠤ ᠣᠲᠣ ᠴᠦᠩᠭᠦᠯ ᠤᠨ ᠤᠯᠤᠰ ᠤᠨ AAA ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ᠂ ᠠᠭᠤᠯᠠ ᠵᠢᠭᠤᠯᠴᠢᠯᠠᠯ ᠤᠨ ᠣᠷᠣᠨ᠂ ᠤᠳᠠᠨᠳᠠᠯ᠎ᠠ ᠶᠢᠨ ᠪᠠᠳᠤᠴᠠᠭᠠᠨ ᠤ | ᠣᠶ ᠰᠢᠭᠤᠶ ᠶᠢᠨ ᠴᠡᠴᠡᠷᠯᠢᠭ᠂ ᠰᠡᠩᠭᠡᠷᠢᠨᠴᠢᠨ ᠸᠠᠩ ᠤᠨ ᠣᠷᠳᠣᠨ᠂ ᠰᠤᠭᠤ ᠶᠢᠨ ᠪᠤᠯᠠᠭ ᠤᠨ ᠡᠯᠡᠰᠦᠨ ᠴᠥᠯ ᠤᠨ | ᠦᠵᠡᠮᠵᠢ ᠶᠢᠨ ᠣᠷᠣᠨ ᠵᠡᠷᠭᠡ ᠭᠤᠤᠯᠳᠠᠯᠭ᠎ᠠ ᠲᠠᠢ ᠦᠵᠡᠮᠵᠢ ᠶᠢᠨ ᠣᠷᠣᠨ ᠲᠠᠢ ᠪᠦᠭᠡᠳ ︽ᠱᠤᠩᠬᠤᠷ ᠤᠨ | ᠴᠤᠭᠯᠠᠭᠠᠨ︾᠂ ︽ᠣᠪᠣᠭᠠᠨ ᠲᠡᠷᠭᠡᠳᠡᠬᠢ ᠠᠭᠤᠯᠵᠠᠯᠲᠠ︾ ᠭᠡᠬᠦ ᠭᠤᠤᠯ ᠰᠡᠳᠦᠪᠲᠦ ᠠᠵᠢᠯᠯᠠᠭ᠎ᠠ᠂ ︽ᠤᠳᠠᠨᠳᠠᠯ᠎ᠠ | ᠪᠠᠲᠤᠴᠠᠭᠠᠨ ᠤ ᠨᠠᠶᠢᠷ︾ ᠵᠡᠷᠭᠡ ᠰᠣᠶᠣᠯ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠦᠷᠨᠢᠬᠦᠯᠳᠡᠭ᠃ | ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠰᠢᠭᠤ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ | ᠥᠬᠡᠶ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠦᠷᠯᠦᠭ ᠪᠠᠭᠠᠳᠤᠷ ᠤᠨ ᠠᠬᠳᠠ ᠳᠤ | ᠮᠤᠷᠳᠠᠭᠰᠠᠨ ᠤᠷᠤᠨ︾ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠲᠠᠭᠤᠷᠢᠰᠤᠭᠤᠯᠵᠤ᠂ ︽ᠣᠷᠣᠨ ᠪᠦᠰᠡ ᠳᠤ ᠠᠯᠳᠠᠷᠰᠢᠭᠰᠠᠨ ᠪᠥᠬᠦ ᠣᠷᠣᠨ ᠪᠦᠰᠡ ᠶᠢᠨ ᠳᠥᠷᠪᠡᠨ ᠤᠯᠠᠷᠢᠯ ᠤᠨ | ᠰᠣᠶᠣᠯ ᠠᠮᠢ ᠠᠬᠤᠶ ᠶᠢᠨ ᠵᠢᠭᠤᠯᠴᠢᠯᠠᠯ ᠤᠨ ᠵᠣᠷᠢᠭᠰᠠᠨ ᠭᠠᠵᠠᠷ︾ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ︽ | ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ᠂ ᠵᠢᠭᠤᠯᠴᠢᠯᠠᠯ︾ ᠤᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠢᠮᠠᠭᠲᠠ ᠲᠤᠭᠤᠰᠢᠯᠠᠭᠤᠯᠵᠤ᠂ ︽ᠨᠢᠭᠡ ᠱᠤᠭᠤᠮ ᠨᠢᠭᠡ ᠵᠠᠮ | ᠳᠥᠷᠪᠡᠨ ᠴᠡᠭ︾ ᠤᠨ ᠵᠢᠭᠤᠯᠴᠢᠯᠠᠯ ᠤᠨ ᠪᠠᠶᠢᠷᠢᠰᠢᠯ ᠤᠨ ᠲᠣᠭᠤᠷᠢᠨ ᠳᠤ᠂ ᠦᠵᠡᠮᠵᠢ ᠶᠢᠨ ᠣᠷᠣᠨ ᠤ ᠪᠥᠲᠥᠭᠡᠨ | ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠲᠡᠭᠡᠭᠰᠢᠯᠡᠭᠦᠯᠵᠦ ᠪᠠᠶᠢᠨ᠎ᠠ᠃ |