ᠡᠨᠡᠬᠦ ᠦᠷᠬᠡᠨ ᠠᠭᠤᠳᠠᠮ᠂ ᠦᠵᠡᠰᠬᠦᠯᠡᠩᠳᠤ ᠰᠠᠶᠢᠬᠠᠨ᠂ ᠪᠠᠶᠠᠨ ᠲᠠᠩᠰᠤᠭ ᠨᠤᠳᠤᠭ ᠲᠡᠪᠢᠰᠭᠡᠷ ᠲᠡᠭᠡᠷ᠎ᠡ | ᠦᠨᠳᠦᠰᠦᠳᠡᠨ ᠨᠦᠭᠦᠳ ᠤᠨ ᠠᠷᠠᠳ ᠲᠦᠮᠡᠨ ᠬᠠᠮᠳᠤ ᠶᠢᠨ ᠬᠡᠷ ᠤᠷᠤᠨ ᠲᠠᠢ᠂ ᠲᠠᠷᠤᠢ ᠲᠤᠮᠳᠠᠳᠤ ᠤᠯᠤᠰ ᠪᠤᠯᠤᠨ᠎ᠠ︔ | ᠪᠢᠳᠡ ᠴᠦᠮ ᠬᠠᠮᠲᠤ ᠶᠢᠨ ᠪᠡᠶ᠎ᠡ ᠶᠢᠨ ᠭᠠᠷᠤᠯ ᠲᠠᠢ᠂ ᠲᠠᠷᠤᠢ ᠳᠤᠮᠳᠠᠳᠤ ᠶᠢᠨ ᠦᠨᠳᠦᠰᠦᠳᠡᠨ ᠶᠤᠮ︔ | ᠬᠠᠮᠲᠤ ᠶᠢᠨ ᠨᠡᠷ᠎ᠡ ᠲᠠᠢ᠂ ᠳᠠᠷᠤᠢ ᠳᠤᠮᠳᠠᠳᠤ ᠤᠯᠤᠰ ᠤᠨ ᠬᠥᠮᠥᠨ ᠶᠤᠮ︔ ᠬᠠᠮᠲᠤ ᠶᠢᠨ ᠬᠦᠰᠡᠯ ᠵᠡᠭᠦᠳᠦ ᠲᠠᠢ᠂ | ᠳᠠᠷᠤᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ︕ | | ᠦᠨᠳᠦᠰᠦᠲᠡᠨ ᠨᠦᠭᠦᠳ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣᠴᠢᠯᠠᠬᠤ ᠪᠣᠯ | ᠳᠤᠮᠳᠠᠳᠤ ᠶᠢᠨ ᠦᠨᠳᠦᠰᠦᠲᠡᠨ ᠤ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ ᠶᠢᠨ ᠪᠠᠲᠤ ᠴᠢᠩᠭ᠎ᠠ | ᠬᠤᠯᠪᠣᠭᠠᠰᠤ ᠮᠥᠨ᠃ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ᠂ ᠠᠬ᠎ᠠ ᠳᠡᠭᠦᠦ ᠨᠠᠷ ᠮᠡᠳᠦ ᠳᠣᠲᠣᠨᠣᠴᠢᠯᠠᠬᠤ᠂ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠣᠯ ᠢᠮᠠᠭᠲᠠ ᠮᠠᠨ ᠤ ᠤᠯᠤᠰ ᠤᠨ ᠦᠨᠳᠦᠰᠦᠲᠡᠨ ᠤ | ᠬᠠᠷᠢᠴᠠᠭᠠᠨ ᠤ ᠭᠤᠣᠯ ᠤᠷᠤᠰᠬᠠᠯ ᠮᠥᠨ᠂ ᠦᠨᠳᠦᠰᠦᠲᠡᠨ ᠨᠦᠭᠦᠳ ᠤᠨ ᠦᠶ᠎ᠡ ᠵᠠᠢ ᠦᠭᠡᠢ ᠨᠢᠭᠲᠠ ᠨᠠᠶᠢᠷᠰᠠᠭ | ᠠᠬ᠎ᠠ ᠳᠡᠭᠦᠦ ᠶᠢᠨ ᠨᠥᠬᠦᠷᠯᠡᠯ ᠨᠢ ᠮᠠᠰᠢ ᠤᠯᠠᠨ ᠲᠡᠦᠬᠡ ᠶᠢᠨ ᠰᠠᠶᠢᠬᠠᠨ ᠦᠯᠢᠭᠡᠷ ᠢ ᠪᠢᠴᠢᠭᠯᠡᠭᠰᠡᠨ ᠶᠤᠮ᠃ | ᠢᠯᠠᠩᠭᠤᠶ᠎ᠠ ᠭᠠᠳᠠᠭᠰᠢ ᠲᠤᠷᠤᠮᠵᠢᠯᠠᠯ ᠢ ᠡᠰᠡᠷᠭᠦᠴᠡᠬᠦ᠂ ᠬᠠᠭᠠᠴᠠᠯ ᠢ ᠰᠡᠷᠭᠡᠶᠢᠯᠡᠬᠦ᠂ ᠨᠢᠭᠡᠳᠦᠯ ᠢ ᠬᠠᠮᠠᠭᠠᠯᠠᠬᠤ | ᠶᠠᠪᠤᠴᠠ ᠳᠤ ᠦᠨᠳᠦᠰᠦᠲᠡᠨ ᠨᠦᠭᠦᠳ ᠤᠨ ᠠᠷᠠᠳ ᠲᠦᠮᠡᠨ ᠤᠷᠢᠳᠤ ᠡᠮᠦᠨ᠎ᠡ ᠪᠠᠶᠢᠭ᠎ᠠ ᠦᠭᠡᠢ ᠪᠦᠯᠬᠦᠮᠳᠡᠨ᠂ | ᠥᠰᠢᠶᠡᠲᠡᠨ ᠲᠠᠢ ᠬᠠᠮᠲᠤ ᠪᠠᠷ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠲᠦᠢᠯ ᠤᠨ ᠬᠠᠳᠠᠭᠤᠵᠢᠯᠳᠠᠢ ᠪᠦᠭᠡᠳ | ᠭᠠᠷᠮᠠᠭᠠᠢ ᠰᠦᠷ ᠵᠢᠪᠬᠤᠭ᠎ᠠ ᠲᠠᠢ ᠠᠭᠤᠤ ᠶᠡᠭᠡ ᠲᠤᠤᠯᠢᠰ ᠢ ᠪᠢᠴᠢᠭᠯᠡᠭᠰᠡᠨ ᠪᠠᠶᠢᠨ᠎ᠠ᠃ | | ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ | ᠰᠠᠶᠢᠰᠢᠶᠠᠨ ᠬᠦᠬᠢᠬᠦᠯᠬᠦ ᠶᠡᠭᠡ ᠬᠤᠷᠠᠯ ᠲᠡᠭᠡᠷᠡᠬᠢ ᠶᠠᠷᠢᠶ᠎ᠠ ᠠᠴᠠ | | 2024 ᠤᠨ ᠤ 9 ᠰᠠᠷ᠎ᠠ ᠶᠢᠨ 27 ᠤ ᠡᠳᠦᠷ | | |