ᠭᠦᠸᠧ ᠲᠢᠶᠠᠨ ᠪᠦᠦ ᠤᠢ ᠰᠢᠭᠤᠢ ᠶᠢᠨ ᠭᠠᠯ ᠰᠡᠷᠭᠡᠶᠢᠯᠡᠬᠦ ᠪᠠ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/3/27
    3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠭᠦᠸᠧ ᠲᠢᠶᠠᠨ ᠪᠦᠦ ᠬᠡᠰᠡᠭ ᠪᠠᠯᠭᠠᠰᠤ ᠲᠠᠯᠠᠪᠠᠶ ᠳᠤ ᠬᠦᠷᠴᠦ ᠣᠶ ᠰᠢᠭᠤᠶ ᠶᠢᠨ ᠭᠠᠯ ᠰᠡᠷᠭᠡᠶᠢᠯᠡᠬᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠸᠧᠨ ᠮᠢᠩ ᠵᠢᠴᠢ ᠬᠠᠮᠢᠶ᠎ᠠ ᠪᠥᠬᠦᠶ ᠪᠠᠯᠭᠠᠰᠤ ᠲᠠᠯᠠᠪᠠᠶ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃    ᠭᠦᠸᠧ ᠲᠢᠶᠠᠨ ᠪᠦᠦ ᠤᠷᠢᠳ ᠬᠤᠵᠢᠳ ᠠᠭᠤᠯᠠ ᠪᠠᠯᠭᠠᠰᠤᠨ ᠤ ᠬᠤᠤᠰ ᠵᠠᠭᠤᠨ ᠲᠦᠮᠡᠨ ᠮᠦ ᠲᠦᠷᠦᠯ ᠵᠦᠢᠯ ᠤᠨ ᠲᠣᠭᠤᠷᠢᠭ᠂ ᠤᠳᠠᠨᠳᠠᠯ᠎ᠠ ᠤᠢ ᠰᠢᠭᠤᠢ ᠶᠢᠨ ᠲᠠᠯᠠᠪᠠᠢ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠳᠤ ᠬᠦᠷᠴᠦ᠂ ᠲᠤᠬᠠᠢ ᠶᠢᠨ ᠲᠠᠯᠠᠪᠠᠢ ᠳᠤ ᠵᠢᠵᠢᠭᠦᠷᠯᠡᠨ ᠰᠠᠬᠢᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡ ᠵᠡᠷᠭᠡ ᠪᠠᠶᠢᠳᠠᠯ ᠢ ᠪᠠᠶᠢᠴᠠᠭᠠᠨ ᠦᠵᠡᠪᠡ᠃     ᠲᠡᠷᠡ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠲᠠᠯᠠᠪᠠᠢ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠢ ᠰᠠᠶᠢᠲᠤᠷ ᠠᠳᠬᠤᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠪᠠᠶᠢᠴᠠᠭᠠᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠪᠣᠳᠠᠲᠠᠢ ᠬᠥᠮᠦᠰ ᠲᠤ ᠬᠦᠷᠲᠡᠯ᠎ᠡ ᠣᠨᠣᠪᠴᠢᠲᠠᠢ ᠨᠠᠶᠢᠳᠠᠪᠤᠷᠢᠵᠢᠭᠤᠯᠵᠤ᠂ ᠠᠭᠤᠯᠠ ᠶᠢ ᠬᠠᠮᠢᠶᠠᠷᠬᠤ ᠬᠥᠮᠦᠨ ᠲᠠᠢ᠂ ᠤᠢ ᠰᠢᠭᠤᠢ ᠶᠢ ᠬᠠᠮᠠᠭᠠᠯᠠᠬᠤ ᠬᠥᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠥᠮᠦᠨ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ︾ ᠵᠠᠷᠴᠢᠮ ᠳᠤ ᠰᠠᠭᠤᠷᠢᠯᠠᠵᠤ᠂ ᠤᠢ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ ᠢ ᠶᠡᠬᠡᠪᠡᠷ ᠴᠢᠩᠭᠠᠳᠬᠠᠵᠤ᠂ ᠲᠣᠭᠤᠷᠢᠨ ᠰᠡᠷᠭᠡᠶᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠭᠠᠯ ᠤᠨ ᠭᠠᠮᠰᠢᠭ ᠤᠨ ᠭᠡᠮ ᠰᠣᠭᠤᠭ ᠢ ᠡᠷᠡᠰ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠪᠣᠳᠠᠲᠤ ᠪᠠᠶᠢᠯᠳᠤᠭᠠᠨ ᠤ ᠰᠣᠷᠢᠯᠲᠠ ᠶᠢ ᠵᠣᠬᠢᠶᠠᠨ ᠪᠠᠶᠢᠭᠤᠯᠵᠤ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠰᠢᠨᠵᠢᠯᠡᠬᠦ ᠤᠬᠠᠭᠠᠨᠴᠢ ᠪᠠᠷ ᠨᠡᠭᠡᠭᠡᠵᠦ᠂ ᠭᠤᠣᠯᠳᠠᠯᠭ᠎ᠠ ᠲᠠᠢ ᠣᠷᠣᠨ ᠪᠦᠰᠡ ᠳᠤ ᠰᠠᠯᠬᠢᠨ ᠬᠦᠴᠦᠨ ᠤ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠪᠠᠭᠠᠵᠢ ᠬᠡᠷᠡᠭᠰᠡᠯ ︵ᠭᠠᠯ ᠤᠨᠲᠠᠷᠠᠭᠠᠬᠤ ᠰᠠᠪᠠᠭᠤᠷ︶ ᠵᠡᠷᠭᠡ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠤᠨ᠂ ᠵᠢᠴᠢ ᠡᠷᠭᠢᠯᠳᠦᠭᠦᠯᠦᠨ ᠬᠠᠭᠠᠯᠪᠤᠷᠢᠯᠠᠬᠤ ᠮᠠᠰᠢᠨ᠂ ᠤᠳᠬᠤᠭᠤᠷ ᠲᠡᠷᠭᠡ ᠵᠡᠷᠭᠡ ᠲᠣᠮᠣ ᠬᠡᠯᠪᠡᠷᠢ ᠶᠢᠨ ᠲᠥᠬᠦᠭᠡᠷᠦᠮᠵᠢ ᠶᠢ ᠲᠣᠬᠢᠷᠠᠭᠤᠯᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨᠬᠦ ᠪᠠᠲᠤᠯᠠᠵᠤ᠂ ᠤᠢ ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠡᠢ᠃    ᠭᠦᠸᠧ ᠲᠢᠶᠠᠨ ᠪᠦᠦ ᠪᠠᠰᠠ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠮᠤᠷᠢᠨᠳᠠᠯ᠎ᠠ ᠲᠠᠷᠢᠮᠠᠯ ᠤᠨ ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠬᠤᠭᠤᠴᠠᠭ᠎ᠠ ᠪᠣᠯᠵᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠦᠷᠦ ᠶᠢᠨ ᠪᠤᠳᠤᠯᠭ᠎ᠠ ᠶᠢᠨ ᠨᠥᠬᠦᠪᠥᠷᠢ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠢᠳᠡᠪᠬᠢᠲᠡᠢ ᠵᠣᠬᠢᠴᠠᠭᠤᠯᠵᠤ᠂ ᠪᠡᠯᠡ ᠮᠥᠩᠭᠦ ᠶᠢᠨ ᠳᠤᠲᠠᠭᠤᠳᠠᠯ ᠢ ᠬᠠᠪᠰᠤᠷᠤᠨ ᠰᠢᠢᠳᠪᠦᠷᠢᠯᠡᠵᠦ᠂ ᠬᠤᠷᠰᠢᠶ᠎ᠠ ᠶᠢᠨ ᠠᠵᠢᠯᠯᠠᠭᠠᠨ ᠢ ᠪᠠᠲᠤᠯᠠᠬᠤ ᠬᠡᠷᠡᠭᠲᠡᠢ︔ ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠯᠭ᠎ᠠ ᠪᠠ ᠲᠠᠷᠢᠶᠠᠯᠠᠩ ᠤᠨ ᠮᠠᠰᠢᠨ ᠤ ᠦᠢᠯᠡᠴᠢᠯᠡᠭᠡ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ ᠴᠢᠨᠠᠷ ᠢ ᠰᠠᠶᠢᠲᠤᠷ ᠠᠳᠬᠤᠵᠤ᠂ ᠰᠠᠶᠢᠨ ᠡᠭᠦᠯᠳᠡᠷ᠂ ᠰᠠᠶᠢᠨ ᠠᠷᠭ᠎ᠠ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ︔ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠷᠰᠢᠶ᠎ᠠ︾ ᠶᠢᠨ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠡᠬᠢ ᠪᠠᠶᠠᠯᠢᠭ ᠢ ᠨᠡᠶᠢᠳᠬᠡᠵᠦ ᠥᠪᠡᠷ ᠤᠨ ᠦᠷᠳᠡᠭ ᠢ ᠪᠠᠭᠤᠷᠠᠭᠤᠯᠵᠤ᠂ ᠡᠳ᠋ ᠤᠨ ᠶᠠᠪᠤᠳᠠᠯ ᠤᠨ ᠲᠣᠭᠲᠠᠭᠠᠯ ᠳᠤ ᠨᠡᠶᠢᠴᠡᠭᠰᠡᠨ ᠰᠢᠰᠲ᠋ᠧᠮ ᠢ ᠪᠠᠶᠢᠭᠤᠯᠵᠤ᠂ ᠦᠢᠯᠡᠳᠬᠦᠨ ᠤ ᠦᠷᠳᠡᠭ ᠢ ᠨᠢᠭᠡᠳᠦᠯᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃   
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号