ᠨᠢᠳᠤᠨᠤᠨ ᠨᠢᠭᠡ ᠵᠢᠯ ᠤᠨ ᠲᠤᠷᠰᠢ᠂ ᠮᠠᠨ ᠤ ᠬᠤᠰᠢᠭᠤ ᠤᠯᠠᠨ ᠠᠷᠭ᠎ᠠ ᠶᠢ ᠴᠤᠬᠭᠠᠷ ᠭᠡᠷᠡᠭᠯᠡᠵᠥ᠂ ᠵᠠᠰᠠᠯᠳᠠ | ᠶᠢ ᠠᠳᠬᠤᠵᠥ᠂ ᠪᠤᠵᠡᠷᠳᠤᠯ ᠢ ᠰᠡᠷᠭᠡᠶᠢᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠪᠠ᠃ | ᠬᠤᠷᠴᠢᠨ ᠤ ᠡᠯᠡᠰᠦᠷᠬᠡᠭ ᠭᠠᠵᠠᠷ ᠢ ᠤᠰᠠᠳᠬᠠᠬᠤ ᠳᠠᠶᠢᠯᠠᠯᠳᠤᠭᠠᠨ ᠤ ᠵᠢᠯ ᠤᠨ ᠡᠭᠦᠷᠭᠡ ᠶᠢ 120.56 | ᠲᠦᠮᠡᠨ ᠮᠦ ᠪᠡᠶᠡᠯᠡᠭᠦᠯᠵᠦ᠂ ᠰᠢᠳ᠂ ᠤᠯᠠᠭᠠᠨ ᠠᠭᠠᠯᠢᠭ ᠠᠯᠢᠮ᠎ᠠ ᠪᠠᠷ ᠭᠤᠤᠯᠯᠠᠬᠰᠠᠨ ᠠᠵᠥ ᠠᠬᠤᠢ ᠶᠢᠨ ᠤᠢ | ᠶᠢᠨ ᠰᠠᠭᠤᠷᠢᠨ ᠭᠠᠵᠠᠷ ᠢ 0.6 ᠲᠦᠮᠡᠨ ᠮᠤ᠋ ᠪᠠᠶᠢᠭᠤᠯᠪᠠ᠃ | 3 ᠠᠭᠤᠷᠬᠠᠢ ᠶᠢᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ | ᠦᠨᠡᠯᠡᠨ ᠵᠢᠱᠢᠯᠲᠡ ᠶᠢ ᠦᠩᠭᠡᠷᠡᠬᠦᠯᠪᠡ᠃ | ᠭᠠᠨᠵᠤᠭ᠎ᠠ ᠭᠤᠤᠯ ᠬᠤᠳᠠ ᠶᠢᠨ ᠲᠤᠭᠤᠷᠢᠭ ᠤᠨ ᠰᠢᠯᠢᠳᠡᠭ ᠠᠭᠠᠷ ᠤᠨ ᠡᠳᠦᠷ ᠤᠨ ᠲᠤᠭ᠎ᠠ ᠶᠢᠨ ᠬᠠᠷᠢᠴᠠᠯ | ᠠᠳᠠᠯᠢ ᠬᠤᠭᠤᠴᠠᠭᠠᠨ ᠤ ᠬᠢ ᠠᠴᠠ 4.7% ᠨᠡᠮᠡᠭᠳᠡᠪᠡ᠃ | ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠥᠷᠨᠢᠭᠦᠯᠵᠦ᠂ ᠵᠡᠭᠦᠨ ᠬᠡᠰᠡᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠤᠰᠤᠨ ᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂ ᠰᠢᠤ ᠱᠦᠢ ᠾᠧ | ᠤᠯᠤᠰ ᠤᠨ ᠡᠵᠡᠮᠳᠡᠯ ᠤᠨ ᠣᠭᠲᠣᠯᠤᠭᠠᠰᠤ ᠶᠢᠨ ᠭᠡᠰᠡᠭ ᠢ ᠬᠠᠮᠠᠭᠠᠯᠠᠵᠥ ᠰᠡᠷᠬᠦᠭᠡᠬᠦ ᠲᠦᠷᠦᠯ ᠵᠦᠢᠯ ᠨᠢᠭᠡᠨᠲᠡ | ᠪᠠᠷᠢᠯᠭ᠎ᠠ ᠳᠠᠭᠤᠰᠪᠡ᠃ | ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷᠠᠪᠠᠷ ᠢ ᠴᠡᠭᠴᠡᠯᠡᠬᠦ︾ ᠠᠵᠢᠯ ᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ | ᠪᠤᠳᠠᠳᠠᠶᠢᠵᠢᠭᠤᠯᠪᠠ᠃ | ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ 2 ᠰᠠᠤᠷᠢ | ᠰᠢᠢᠳᠪᠦᠷᠢᠯᠡᠬᠦ ᠲᠥᠪ ᠪᠠᠶᠢᠭᠤᠯᠪᠠ᠃ | ᠪᠥᠬᠦ ᠬᠤᠰᠢᠭᠤᠨ ᠤ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ | ᠰᠢᠷᠣᠶ ᠶᠢᠨ ᠣᠷᠴᠢᠨ ᠲᠣᠭᠤᠷᠢᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ 100% ᠬᠥᠷᠪᠡ᠃ | |