ᠭᠤᠷᠪᠠ ᠮᠣᠩᠭᠤᠯ ᠠᠨᠠᠭᠠᠬᠤ ᠤᠬᠠᠭᠠᠨ ᠤ ᠶᠠᠰᠤ ᠪᠠᠷᠢᠬᠤ ᠮᠡᠷᠭᠡᠰᠢᠯ | | | ᠮᠣᠩᠭᠤᠯ ᠠᠨᠠᠭᠠᠬᠤ ᠤᠬᠠᠭᠠᠨ ᠤ ᠶᠠᠰᠤ ᠪᠠᠷᠢᠬᠤ ᠮᠡᠷᠭᠡᠰᠢᠯ ᠨᠢ ᠥᠪᠡᠷ ᠤᠨ ᠢᠶᠠᠨ ᠥᠪᠡᠷᠮᠢᠴᠡ ᠣᠨᠣᠯ ᠤᠨ | ᠰᠢᠰᠲ᠋ᠧᠮ ᠪᠣᠯᠤᠨ ᠭᠡᠳᠦᠶᠢᠳᠦᠭᠰᠡᠨ ᠡᠮᠴᠢᠯᠡᠭᠡᠨ ᠤ ᠠᠷᠭ᠎ᠠ ᠪᠠᠷ ᠢᠶᠠᠨ ᠳᠡᠯᠡᠬᠡᠢ ᠳᠤ ᠠᠯᠳᠠᠷᠰᠢᠭᠰᠠᠨ ᠪᠢᠯᠡ᠃ | ᠲᠡᠷᠡ ᠨᠢ ᠪᠦᠬᠦᠯᠢ ᠴᠣᠭᠴᠠ ᠶᠢᠨ ᠦᠵᠡᠯᠲᠡ ᠶᠢ ᠴᠢᠬᠤᠯᠠᠴᠢᠯᠠᠵᠤ ᠬᠥᠮᠦᠨ ᠤ ᠲᠤᠰ ᠪᠡᠶ᠎ᠡ ᠶᠢᠨ ᠦᠪᠡᠷᠳᠡᠭᠡᠨ | ᠲᠤᠭᠢᠷᠠᠭᠤᠯᠬᠤ ᠪᠠ ᠰᠡᠷᠭᠦᠭᠡᠬᠦ ᠴᠢᠳᠠᠪᠤᠷᠢ ᠶᠢ ᠴᠢᠬᠤᠯᠠᠴᠢᠯᠠᠳᠠᠭ᠃ ᠡᠮᠨᠡᠨ ᠵᠠᠰᠠᠬᠤ ᠦᠶ᠎ᠡ ᠳᠤ᠂ ᠡᠮᠴᠢ ᠨᠠᠷ ᠭᠠᠷ | ᠪᠠᠷᠢᠯ ᠢᠶᠠᠷ ᠤᠤᠯ ᠭᠡᠪ ᠲᠤᠨᠢ ᠤᠷᠤᠭᠤᠯᠬᠤ ᠂ ᠪᠠᠷᠢᠵᠥ ᠲᠤᠬᠳᠠᠭᠠᠬᠤ᠂ ᠢᠯᠢᠵᠦ ᠨᠤᠬᠤᠯᠠᠬᠤ ᠵᠡᠷᠭᠡ ᠠᠷᠭ᠎ᠠ ᠶᠢ | ᠮᠣᠩᠭᠤᠯ ᠡᠮ ᠤᠤᠭᠤᠯᠭᠠᠬᠠᠤ ᠲᠠᠢ ᠤᠶᠠᠯᠳᠤᠭᠤᠯᠵᠥ᠂ ᠬᠤᠭᠤᠷᠠᠭᠰᠠᠨ ᠶᠠᠰᠦ᠂ ᠤᠷᠤᠨ ᠰᠢᠯᠵᠢᠭᠰᠡᠨ ᠵᠡᠷᠭᠡ | ᠶᠠᠰᠦᠨ ᠤ ᠰᠢᠷᠠᠭᠳᠤᠯ ᠤᠨ ᠬᠡᠮ ᠬᠢᠵᠢᠭ ᠢ ᠵᠠᠰᠠᠵᠥ ᠡᠳᠡᠭᠡᠷᠡᠬᠦᠯᠳᠡᠭ ᠃ 2011 ᠣᠨ ᠳᠤ ᠮᠣᠩᠭᠤᠯ ᠠᠨᠠᠭᠠᠬᠤ | ᠤᠬᠠᠭᠠᠨ ᠤ ᠶᠠᠰᠤ ᠪᠠᠷᠢᠬᠤ ᠡᠮᠴᠢᠯᠡᠭᠡ ᠨᠢ ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠲᠤ ᠵᠢᠭᠰᠠᠭᠠᠭᠳᠠᠪᠠ᠃ ᠬᠤᠷᠴᠢᠨ ᠵᠡᠭᠦᠨ ᠭᠠᠷᠤᠨ ᠬᠤᠶᠢᠲᠤ | ᠬᠤᠰᠢᠭᠤ ᠪᠣᠯ ᠮᠣᠩᠭᠤᠯ ᠡᠮᠨᠡᠯᠭᠡ ᠶᠢᠨ ᠶᠠᠰᠤ ᠪᠠᠷᠢᠬᠤ ᠮᠡᠷᠭᠡᠵᠢᠯ ᠤᠨ ᠡᠭᠦᠰᠦᠭᠰᠡᠨ ᠭᠠᠵᠠᠷ᠂ ᠲᠦᠩᠯᠢᠶᠣᠤ | ᠬᠤᠲᠠ ᠶᠢᠨ ᠮᠣᠩᠭᠤᠯ ᠡᠮᠨᠡᠯᠭᠡ ᠶᠢᠨ ᠶᠠᠰᠤ ᠪᠠᠷᠢᠬᠤ ᠡᠮᠨᠡᠯᠭᠡ ᠶᠢᠨ ᠬᠤᠷᠢᠶ᠎ᠠ ᠪᠣᠯ ᠮᠣᠩᠭᠤᠯ ᠡᠮ ᠡᠮᠨᠡᠯᠭᠡ ᠶᠢᠨ | ᠣᠨᠣᠯ ᠢᠶᠠᠷ ᠰᠠᠭᠤᠷᠢ ᠪᠣᠯᠭᠠᠵᠤ᠂ ᠬᠤᠷᠴᠢᠨ ᠶᠠᠰᠤ ᠪᠠᠷᠢᠬᠤ ᠮᠡᠷᠭᠡᠵᠢᠯ ᠢᠶᠠᠷ ᠨᠠᠷᠠᠲᠤ ᠲᠡᠮᠳᠡᠭ ᠪᠣᠯᠭᠠᠭᠰᠠᠨ ᠮᠣᠩᠭᠤᠯ | ᠡᠮᠨᠡᠯᠭᠡ ᠶᠢᠨ ᠶᠠᠰᠤ ᠪᠠᠷᠢᠬᠤ ᠤᠨᠴᠠᠯᠢᠭᠳᠤ ᠲᠤᠰᠬᠠᠶ ᠡᠮᠨᠡᠯᠭᠡ ᠶᠢᠨ ᠬᠤᠷᠢᠶ᠎ᠠ ᠪᠣᠯᠤᠨ᠎ᠠ᠂ ᠤᠯᠤᠰ ᠤᠨ ᠪᠣᠳᠠᠰ ᠤᠨ | ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠨᠢᠭᠡᠴᠡ ᠪᠣᠯᠤᠨ᠎ᠠ᠃ | |