ᠭᠠᠳᠠᠭᠠᠳᠤ ᠠᠴᠠ ᠤᠷᠤᠭᠤᠯᠵᠥ ᠭᠠᠷᠭᠠᠭᠰᠠᠨ ᠶᠡᠷᠦᠩᠬᠡᠢ ᠲᠤᠭ᠎ᠠ 128% ᠨᠡᠮᠡᠭᠳᠡᠪᠡ
ᠨᠡᠶᠢᠲᠡᠯᠡᠭᠰᠡᠨ ᠴᠠᠭ᠄
2025/3/31
   ᠲᠦᠩᠯᠢᠶᠣᠤ ᠪᠣᠭᠤᠮᠲᠠ ᠶᠢᠨ ᠲᠤᠭ᠎ᠠ ᠪᠠᠷᠢᠮᠲᠠ ᠶᠢᠨ ᠬᠠᠷᠢᠭᠤ ᠲᠤᠰᠬᠠᠯ ᠢ ᠦᠨᠳᠦᠰᠦᠯᠡᠪᠡᠯ᠂ 2025 ᠣᠨ ᠤ 1 - 2 ᠰᠠᠷ᠎ᠠ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 57 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 128% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠨᠢᠭᠡᠳᠦᠭᠡᠷ ᠲᠤ ᠣᠷᠣᠪᠠ᠃     ᠣᠶᠢᠷ᠎ᠠ ᠶᠢᠨ ᠵᠢᠯ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠳᠠᠯᠳᠠ ᠬᠦᠴᠦᠨ ᠢ ᠭᠦᠨ ᠠᠭᠤᠳᠠᠯᠵᠤ᠂ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠴᠡᠭ ᠢ ᠦᠷᠭᠦᠯᠵᠢᠯᠡᠨ ᠪᠤᠶᠢᠵᠢᠭᠤᠯᠵᠤ᠂ ᠭᠠᠳᠠᠭᠠᠳᠤ ᠠᠷᠠᠯᠵᠢᠶᠠᠨ ᠤ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠢᠯ ᠰᠠᠶᠢᠨ ᠦᠷ᠎ᠡ ᠪᠦᠲᠦᠮᠵᠢ ᠤᠯᠪᠠ᠃ 2023 ᠣᠨ ᠳᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠲᠤᠭ᠎ᠠ 142 ᠲᠦᠮᠡᠨ ᠲᠥᠭᠦᠷᠢᠭ ᠲᠤ ᠬᠦᠷᠴᠡᠶ︔ 2024 ᠣᠨ ᠳᠤ᠂ 258.72 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 82.3% ᠪᠠᠷ ᠨᠡᠮᠡᠭᠳᠡᠪᠡ︔ 2025 ᠣᠨ ᠤ ᠲᠦᠷᠦᠭᠦᠤ ᠬᠤᠶᠠᠷ ᠰᠠᠷ᠎ᠠ ᠳᠤ 57 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 128% ᠪᠠᠷ ᠨᠡᠮᠡᠭᠳᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号