︽ᠢᠨᠲ᠋ᠧᠷ ᠰᠦᠯᠵᠢᠶ᠎ᠡ + ᠰᠤᠪᠢᠯᠠᠯᠳᠠ ᠶᠢ ᠬᠡᠷ ᠲᠤᠨᠢ ᠬᠦᠷᠭᠡᠬᠦ︾ ᠦᠢᠯᠡᠴᠢᠯᠡᠭᠡ ᠨᠢ ᠤᠯᠠᠮᠵᠢᠯᠠᠯᠲᠤ | ᠡᠪᠡᠳᠴᠢᠨ ᠦᠵᠡᠭᠦᠯᠬᠦ ᠵᠠᠭᠪᠤᠷ ᠤᠨ ᠬᠢᠵᠠᠭᠠᠷᠯᠠᠯ ᠢ ᠡᠪᠳᠡᠵᠦ᠂ ︽ᠰᠦᠯᠵᠢᠶᠡᠨ ᠳᠡᠭᠡᠷ᠎ᠡ ᠥᠪᠡᠰᠦᠪᠡᠨ ᠵᠠᠬᠢᠶᠠᠯᠠᠬᠤ᠂ | ᠰᠦᠯᠵᠢᠶᠡᠨ ᠭᠠᠳᠠᠨ᠎ᠠ ᠭᠡᠷ ᠲᠤᠨᠢ ᠬᠦᠷᠴᠦ ᠦᠢᠯᠡᠴᠢᠯᠡᠬᠦ︾ ᠰᠢᠨ᠎ᠡ ᠬᠡᠯᠪᠡᠷᠢ ᠶᠢᠨ ᠵᠠᠭᠪᠤᠷ ᠢᠶᠠᠷ ᠳᠠᠮᠵᠢᠭᠤᠯᠤᠨ᠂ | ᠬᠥᠳᠡᠯᠵᠦ ᠪᠠᠷᠢᠬᠤ ᠳᠤ ᠳᠥᠭᠦᠮ ᠦᠭᠡᠢ ᠡᠪᠡᠳᠴᠢᠲᠡᠨ᠂ ᠴᠢᠳᠠᠪᠤᠷᠢ ᠪᠠᠨ ᠠᠯᠳᠠᠭᠰᠠᠨ ᠨᠠᠰᠤᠲᠠᠨ᠂ ᠵᠢᠷᠮᠦᠰᠦᠨ | ᠬᠥᠩᠭᠡᠵᠢᠭᠰᠡᠨ ᠡᠮᠡᠭᠲᠡᠶ ᠵᠡᠷᠭᠡ ᠬᠥᠮᠦᠰ ᠲᠤ ᠬᠡᠷ ᠲᠤᠨᠢ ᠬᠦᠷᠴᠦ ᠰᠤᠪᠢᠯᠠᠬᠤ ᠦᠢᠯᠡᠴᠢᠯᠡᠭᠡ ᠬᠠᠩᠭᠠᠵᠤ᠂ | ᠡᠪᠡᠳᠴᠢᠲᠡᠨ ᠤ ᠡᠮᠨᠡᠯᠭᠡ ᠶᠢᠨ ᠬᠤᠷᠢᠶᠠᠨ ᠳᠤ ᠣᠴᠢᠵᠤ ᠢᠷᠡᠬᠦ ᠴᠠᠭ ᠪᠠ ᠲᠡᠷᠭᠡᠨ ᠵᠠᠷᠤᠳᠠᠯ ᠵᠡᠷᠭᠡ ᠦᠷᠳᠡᠭ ᠢ | ᠪᠠᠭᠠᠰᠬᠠᠵᠤ᠂ ᠠᠰᠠᠷᠠᠨ ᠰᠤᠪᠢᠯᠠᠬᠤ ᠦᠢᠯᠡᠴᠢᠯᠡᠭᠡ ᠶᠢ ᠡᠮᠨᠡᠯᠭᠡ ᠶᠢᠨ ᠬᠤᠷᠢᠶ᠎ᠠ ᠠᠴᠠ ᠬᠡᠷ ᠪᠦᠯᠢ ᠬᠦᠷᠲᠡᠯ᠎ᠡ | ᠤᠷᠲᠤᠳᠬᠠᠬᠤ ᠶᠢ ᠪᠡᠶᠡᠯᠡᠭᠦᠯᠪᠡ᠃ ᠦᠢᠯᠡᠴᠢᠯᠡᠭᠡ ᠨᠢ ᠰᠠᠭᠤᠷᠢ ᠰᠤᠪᠢᠯᠠᠯᠲᠠ᠂ ᠲᠤᠰᠬᠠᠶ ᠰᠠᠯᠠᠭᠠᠨ ᠤ ᠰᠤᠪᠢᠯᠠᠯᠲᠠ᠂ | ᠡᠷᠡᠭᠦᠯᠵᠢᠯ ᠤᠨ ᠰᠤᠪᠢᠯᠠᠯᠲᠠ᠂ ᠡᠬᠡ ᠨᠢᠯᠬᠠᠰ ᠤᠨ ᠰᠤᠪᠢᠯᠠᠯᠲᠠ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠤ᠂ | ᠠᠳᠠᠯᠢ ᠪᠤᠰᠤ ᠡᠪᠡᠳᠴᠢᠲᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠪᠠ ᠃ ᠲᠣᠰ | ᠵᠦᠢᠯ ᠤᠨ ᠦᠢᠯᠡᠴᠢᠯᠡᠭᠡ ᠶᠢ ᠡᠬᠢᠯᠡᠭᠦᠯᠦᠭᠰᠡᠨ ᠠᠴᠠ ᠨᠠᠰᠢ᠂ ᠨᠢᠭᠡᠨᠲᠡ 3 ᠤᠳᠠᠭ᠎ᠠ ᠦᠢᠯᠡᠴᠢᠯᠡᠭᠡ ᠥᠷᠨᠢᠭᠦᠯᠵᠦ᠂ | 3 ᠡᠪᠡᠳᠴᠢᠲᠡᠨ ᠳᠤ ᠠᠰᠢᠭ ᠬᠦᠷᠲᠡᠭᠡᠪᠡ᠃ | |