ᠨᠡᠶᠢᠲᠡᠯᠡᠭᠰᠡᠨ ᠴᠠᠭ᠄ 2025/3/4 | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 2 ᠤᠨ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ | ᠨᠠᠶᠢᠷᠠᠭᠤᠯᠤᠭᠰᠠᠨ ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ | ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠳᠡᠯᠡᠬᠡᠢ ᠶᠢᠨ | ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ | ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ | ᠬᠤᠷᠢᠶ᠎ᠠ ᠶᠡᠭᠡ ᠬᠠᠨᠳᠤᠰᠢ ᠶᠢ ᠠᠵᠢᠭᠯᠠᠬᠤ᠂ ᠪᠦᠭᠦ ᠲᠠᠯ᠎ᠠ ᠶᠢ ᠲᠥᠯᠥᠪᠵᠢᠭᠦᠯᠬᠦ᠂ ᠪᠣᠳᠠᠲᠠᠢ ᠠᠵᠢᠯ ᠬᠢᠬᠦ ᠶᠢ ᠪᠠᠷᠢᠮᠲᠠᠯᠠᠵᠤ᠂ | ᠠᠵᠤ ᠠᠬᠤᠢ ᠶᠢᠨ ᠠᠵᠢᠯ ᠳᠠᠬᠢ ᠨᠠᠮ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠨᠢᠭᠡᠳᠦᠯᠲᠡᠢ | ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠠᠵᠤ ᠠᠬᠤᠢ ᠶᠢᠨ ᠠᠵᠢᠯ ᠤᠨ ᠲᠤᠬᠠᠢ ᠵᠢᠮ᠎ᠡ ᠶᠣᠰᠣᠴᠢ | ᠴᠢᠨᠠᠷᠲᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ | ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠴᠤ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ | ᠬᠥᠲᠥᠯᠥᠨ ᠳᠠᠭᠠᠭᠤᠯᠵᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ | ᠭᠠᠷᠭᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠪᠦᠷᠢᠯᠳᠦᠭᠦᠯᠪᠡ᠃ | ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠴᠢᠬᠤᠯᠠ ᠪᠦᠷᠢᠯᠳᠦᠭᠦᠨ ᠮᠥᠨ᠂ | ᠰᠢᠨ᠎ᠡ ᠴᠠᠭ ᠦᠶ᠎ᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠳᠦᠯᠭᠡ ᠶᠢᠨ ᠲᠤᠷᠰᠢᠯᠭ᠎ᠠ ᠶᠢᠨ ᠰᠢᠰᠲ᠋ᠧᠮᠲᠦ | ᠣᠨᠣᠯ ᠤᠨ ᠬᠤᠷᠢᠶᠠᠩᠭᠤᠶᠢᠯᠠᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠡᠶᠢᠭᠡᠮ ᠵᠢᠷᠤᠮ ᠤᠨ ᠠᠵᠤ | ᠠᠬᠤᠢ ᠶᠢᠨ ᠬᠥᠭᠵᠢᠯᠲᠡ ᠶᠢᠨ ᠵᠠᠮ ᠢ ᠴᠥᠬᠦᠷᠡᠰᠢ ᠦᠭᠡᠢ ᠬᠠᠶᠢᠨ ᠰᠦᠪᠡᠭᠴᠢᠯᠡᠵᠦ ᠪᠦᠷᠢᠯᠳᠦᠭᠦᠯᠦᠭᠰᠡᠨ ᠡᠷᠬᠢᠮ ᠨᠠᠨᠳᠢᠨ | ᠦᠵᠡᠯ ᠰᠠᠨᠠᠭᠠᠨ ᠤ ᠣᠭᠢ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ | ᠲᠥᠷᠥ ᠠᠵᠤ ᠠᠬᠤᠢ ᠶᠢᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠵᠦ᠂ ᠮᠠᠷᠺᠰ ᠤᠨ ᠦᠵᠡᠯ ᠤᠨ ᠤᠯᠤᠰ ᠲᠥᠷᠥ | ᠠᠵᠤ ᠠᠬᠤᠢ ᠶᠢᠨ ᠤᠬᠠᠭᠠᠨ ᠢ ᠪᠠᠶᠠᠯᠢᠭᠵᠢᠭᠤᠯᠤᠨ ᠬᠥᠭᠵᠢᠭᠦᠯᠬᠦ ᠳᠤ ᠴᠢᠬᠤᠯᠠ ᠪᠦᠲᠦᠭᠡᠯᠴᠢ ᠴᠢᠨᠠᠷᠲᠠᠢ ᠬᠤᠪᠢ ᠨᠡᠮᠡᠷᠢ | ᠦᠵᠡᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠦᠨᠳᠦ ᠶᠡᠭᠡ | ᠠᠶᠤᠯ ᠲᠦᠭᠰᠢᠭᠦᠷᠢ ᠥᠷᠢᠰᠦᠯᠳᠦᠭᠡᠨ ᠢ ᠰᠢᠨᠵᠢᠯᠡᠬᠦ ᠤᠬᠠᠭᠠᠨᠴᠢ ᠪᠠᠷ ᠠᠷᠭᠠᠴᠠᠭᠠᠬᠤ᠂ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠵᠡᠯ ᠰᠠᠨᠠᠭᠠᠨ ᠤ ᠬᠤᠷᠴᠠ ᠵᠡᠪᠰᠡᠭ | ᠬᠠᠩᠭᠠᠪᠠ᠃ | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠳᠤ᠂ ᠰᠢ ᠶᠢᠨ ᠫᠢᠩ | ᠨᠥᠬᠦᠷ ᠤᠨ 2012 ᠣᠨ ᠤ 11 ᠰᠠᠷ᠎ᠠ ᠠᠴᠠ 2024 ᠣᠨ ᠤ 12 ᠰᠠᠷ᠎ᠠ ᠪᠤᠯᠲᠠᠯᠠᠭᠢ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢᠨ ᠲᠤᠬᠠᠢ ᠬᠠᠮᠤᠭ ᠤᠨ ᠴᠢᠬᠤᠯᠠ᠂ ᠬᠠᠮᠤᠭ ᠤᠨ ᠦᠨᠳᠦᠰᠦᠨ ᠵᠣᠬᠢᠶᠠᠯ ᠢ ᠣᠷᠣᠭᠤᠯᠵᠤ᠂ ᠴᠠᠭ ᠤᠨ | ᠳᠠᠷᠠᠭᠠᠯᠠᠯ ᠢᠶᠠᠷ ᠨᠠᠶᠢᠷᠠᠭᠤᠯᠤᠨ ᠵᠢᠭᠰᠠᠭᠠᠵᠤ᠂ ᠢᠯᠡᠳᠬᠡᠯ᠂ ᠶᠠᠷᠢᠶ᠎ᠠ᠂ ᠶᠠᠷᠢᠶ᠎ᠠ ᠢᠯᠡᠳᠬᠡᠯ᠂ ᠵᠢᠭᠠᠪᠤᠷᠢ᠂ ᠴᠣᠬᠤᠯᠠᠪᠤᠷᠢ | ᠵᠡᠷᠭᠡ 74 ᠵᠣᠬᠢᠶᠠᠯ ᠪᠤᠢ᠃ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃ | ︽ᠰᠢ ᠶᠢᠨ ᠫᠢᠩ ᠤᠨ ᠠᠵᠤ ᠠᠬᠤᠢ ᠶᠢᠨ ᠵᠣᠬᠢᠶᠠᠯ ᠤᠨ ᠲᠡᠭᠦᠪᠦᠷᠢ︾ ᠶᠢᠨ ᠨᠢᠭᠡᠳᠦᠭᠡᠷ ᠪᠣᠳᠢ ᠶᠢ ᠬᠡᠪᠯᠡᠨ | ᠲᠠᠷᠬᠠᠭᠠᠭᠰᠠᠨ ᠨᠢ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ | ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠳᠤ ᠡᠷᠬᠡ | ᠰᠦᠷᠲᠦ ᠵᠢᠭᠠᠬᠤ ᠮᠠᠲ᠋ᠧᠷᠢᠶᠠᠯ ᠬᠠᠩᠭᠠᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢ | ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ | ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠦᠴᠦᠯᠡᠨ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | | | | | | | | | |