ᠨᠡᠶᠢᠲᠡᠯᠡᠭᠰᠡᠨ ᠴᠠᠭ᠄ 2025/3/4 | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 1 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 28 ᠤ ᠦᠳᠡ ᠶᠢᠨ ᠡᠮᠦᠨ᠎ᠡ | ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠲᠤᠬᠠᠢ ᠠᠷᠪᠠ | ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ | ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠨᠢ ᠠᠵᠢᠯ ᠦᠢᠯᠡᠰ ᠤᠨ ᠬᠥᠭᠵᠢᠯ ᠪᠠᠳᠠᠷᠠᠯ ᠲᠠᠢ | ᠬᠤᠯᠪᠣᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠲᠠᠢ ᠬᠤᠯᠪᠣᠭᠳᠠᠵᠤ᠂ ᠤᠯᠤᠰ ᠣᠷᠣᠨ ᠤ ᠥᠨᠢ | ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ ᠪᠠᠶᠢᠭ᠎ᠠ ᠶᠤᠮ᠃ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠤᠯᠤᠰ ᠨᠡᠩ ᠠᠮᠤᠷ ᠲᠦᠪᠰᠢᠨ᠂ ᠨᠡᠶᠢᠭᠡᠮ ᠨᠡᠩ ᠡᠮᠬᠢ | ᠳᠢᠭᠯᠢᠮ ᠲᠠᠢ᠂ ᠵᠠᠰᠠᠯᠲᠠ ᠨᠡᠩ ᠪᠦᠲᠦᠮᠵᠢᠲᠡᠢ᠂ ᠠᠷᠠᠳ ᠲᠦᠮᠡᠨ ᠨᠡᠩ ᠬᠠᠨᠤᠮᠵᠢᠲᠠᠢ ᠪᠠᠶᠢᠬᠤ ᠳᠡᠭᠡᠷ᠎ᠡ ᠦᠷᠭᠦᠯᠵᠢᠯᠡᠨ | ᠬᠦᠴᠦᠯᠡᠵᠦ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠠᠷᠠᠭᠤᠨ ᠡᠮᠦᠨᠡᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ | ᠫᠷᠤᠹᠧᠰᠰᠤᠷ ᠯᠢ ᠶᠠᠨ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ | ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠤᠰ ᠤᠨ ᠠᠮᠤᠷ ᠲᠦᠪᠰᠢᠨ ᠤ | ᠤᠳᠤᠷᠢᠳᠬᠤ ᠪᠠᠶᠢᠭᠤᠯᠤᠮᠵᠢ ᠪᠣᠯᠣᠨ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ ᠰᠢᠰᠲ᠋ᠧᠮ᠂ | ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠯᠲᠡ ᠡᠵᠡᠮᠳᠡᠯ ᠢ | ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠠᠵᠤ | ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ︽ᠬᠤᠶᠠᠷ | ᠶᠡᠭᠡ ᠭᠠᠶᠢᠬᠠᠮᠰᠢᠭ︾ ᠤᠨ ᠰᠢᠨ᠎ᠡ ᠬᠠᠭᠤᠳᠠᠰᠤ ᠶᠢ ᠠᠮᠵᠢᠯᠲᠠᠲᠠᠢ ᠦᠷᠭᠦᠯᠵᠢᠯᠡᠨ ᠪᠢᠴᠢᠭᠯᠡᠵᠡᠢ᠃ ᠪᠠᠶᠢᠳᠠᠯ ᠡᠭᠦᠷᠭᠡ ᠶᠢᠨ | ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠬᠤ ᠠᠴᠠ ᠪᠢᠰᠢ ᠰᠤᠯᠠᠷᠠᠭᠤᠯᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ | ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ | ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ | ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ | ᠶᠣᠰᠣ ᠮᠥᠨ ᠭᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠤᠢ ᠪᠤᠯᠭᠠᠵᠤ᠂ ᠠᠵᠢᠯ ᠤᠨ ᠳᠤᠮᠳᠠ ᠪᠠᠨ ᠬᠥᠭᠵᠢᠯᠲᠡ | ᠪᠠ ᠠᠮᠤᠷ ᠲᠦᠪᠰᠢᠨ ᠢ ᠤᠬᠠᠮᠰᠠᠷ ᠠᠴᠠ ᠪᠠᠨ ᠨᠢᠭᠡᠳᠬᠡᠨ᠂ ᠬᠠᠮᠲᠤ ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ | ᠪᠠᠶᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ ᠤᠯᠤᠰ ᠳᠠᠶᠠᠭᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ | ᠪᠠᠷᠢᠮᠲᠠᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠵᠡᠷᠭᠡ ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ ᠣᠷᠣᠨ | ᠪᠦᠰᠡ ᠨᠢᠭᠡ ᠠᠵᠤ ᠦᠢᠯᠡᠰ ᠤᠨ ᠠᠮᠤᠷ ᠲᠦᠪᠰᠢᠨ ᠢ ᠰᠠᠶᠢᠲᠤᠷ ᠠᠳᠬᠤᠬᠤ ᠪᠠᠷ ᠳᠠᠮᠵᠢᠨ ᠤᠯᠤᠰ ᠤᠨ ᠪᠦᠬᠦᠯᠢ | ᠴᠣᠭᠴᠠ ᠶᠢᠨ ᠠᠮᠤᠷ ᠲᠦᠪᠰᠢᠨ ᠳᠤ ᠨᠥᠬᠦᠴᠡᠯ ᠡᠭᠦᠳᠦᠨ ᠥᠭᠴᠦ᠂ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ | ᠳᠤᠨᠢ ᠪᠦᠲᠦᠮᠵᠢᠲᠡᠢ ᠰᠢᠢᠳᠪᠦᠷᠢᠯᠡᠬᠦ ᠪᠠᠷ ᠳᠠᠮᠵᠢᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠪᠠᠲᠤ | ᠰᠠᠭᠤᠷᠢ ᠲᠠᠯᠪᠢᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠢ ᠠᠷᠠᠳ ᠲᠦᠮᠡᠨ ᠤ ᠲᠥᠯᠥᠭᠡ | ᠪᠥᠭᠡᠳ ᠪᠠᠰᠠ ᠠᠷᠠᠳ ᠲᠦᠮᠡᠨ ᠳᠤ ᠲᠦᠰᠢᠭᠯᠡᠨ᠎ᠡ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ | ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ | ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠤᠨ ᠪᠠᠶᠢᠭᠤᠯᠤᠯ ᠲᠣᠭᠲᠠᠴᠠ ᠶᠢ | ᠪᠦᠷᠢᠨᠰᠢᠭᠦᠯᠦᠨ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ | ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ᠃ ᠥᠪᠡᠷ ᠢ ᠪᠠᠨ | ᠭᠦᠨᠳᠦᠳᠭᠡᠵᠦ ᠥᠪᠡᠷ ᠢ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢᠲᠡᠢ ᠥᠭᠡᠳᠡᠷᠡᠭ ᠨᠡᠶᠢᠭᠡᠮ ᠤᠨ ᠰᠡᠳᠬᠢᠴᠡ ᠶᠢ | ᠬᠥᠮᠥᠵᠢᠭᠦᠯᠵᠦ᠂ ᠵᠣᠷᠢᠭᠲᠠᠢ ᠪᠠᠷ ᠤᠷᠤᠭᠰᠢᠯᠠᠨ ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ ᠬᠠᠤᠯᠢ ᠪᠠᠷ | ᠵᠠᠰᠠᠬᠤ ᠶᠢ ᠡᠷᠭᠢᠮᠯᠡᠭᠦ᠂ ᠪᠣᠯᠪᠠᠰᠤᠨ ᠢᠶᠠᠷ ᠨᠠᠶᠢᠷ ᠲᠠᠯᠪᠢᠬᠤ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠠᠮᠤᠭᠤᠯᠠᠩᠲᠤ ᠳᠤᠮᠳᠠᠳᠤ | ᠤᠯᠤᠰ ᠤᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠣᠨ᠎ᠠ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ | ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ᠂ ᠪᠠᠶᠢᠭᠤᠯᠤᠯ ᠤᠨ | ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ ᠤᠯᠠᠨ | ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ | ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ | ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠵᠡᠷᠭᠡ | ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ | ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠠᠶᠢᠭᠤᠯᠬᠤ ᠳᠤ ᠡᠷᠬᠡᠪᠰᠢ | ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ ᠲᠤᠰᠬᠠᠢ | ᠵᠠᠰᠠᠬᠤ ᠪᠠ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ᠂ ᠡᠬᠢ ᠡᠭᠦᠰᠦᠯ ᠠᠴᠠ ᠨᠢ | ᠵᠠᠰᠠᠬᠤ ᠶᠢ ᠤᠶᠠᠯᠳᠤᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢ ᠬᠥᠭᠵᠢᠭᠦᠯᠦᠨ | ᠪᠤᠵᠠᠭᠠᠶᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠶᠢ ᠴᠣᠭᠴᠠᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ︽ | ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ | ᠵᠠᠰᠠᠬᠤ ᠶᠢ ᠠᠬᠢᠭᠤᠯᠵᠤ᠂ ᠡᠯ᠎ᠡ ᠵᠦᠢᠯ ᠤᠨ ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ | ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠤᠨ ᠠᠮᠤᠷ ᠲᠦᠪᠰᠢᠨ ᠤ ᠠᠵᠢᠯ᠂ ᠤᠯᠤᠰ ᠲᠦᠷᠦ | ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠮᠤᠭᠤᠯᠠᠩᠲᠤ ᠪᠠᠶᠢᠭᠤᠯᠤᠯᠲᠠ ᠳᠤᠮᠳᠠᠬᠢ ᠪᠦᠭᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠳᠤ | ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠡᠶᠢᠭᠡᠮ ᠤᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ | ᠪᠤᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | | | |