ᠲᠣᠰ ᠰᠤᠮᠤ 2024ᠣᠨ ᠤ ᠨᠠᠮᠤᠷ ᠤᠨ ᠤᠯᠠᠷᠢᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ 3 ᠰᠠᠷ᠎ᠠ ᠶᠢᠨ 6 ᠤ ᠡᠳᠦᠷ ᠠᠴᠠ ᠡᠬᠢᠯᠡᠨ ᠪᠥᠲᠥᠭᠡᠨ | ᠪᠠᠶᠢᠭᠤᠯᠵᠤ᠂ ᠲᠥᠷᠥᠯ ᠵᠦᠢᠯ ᠤᠨ ᠶᠡᠷᠦᠩᠬᠡᠶ ᠲᠠᠯᠠᠪᠠᠶ ᠨᠢ ᠨᠡᠶᠢᠲᠡ 1.38 ᠲᠦᠮᠡᠨ ᠮᠥ᠂ 3 ᠭᠠᠴᠠᠭ᠎ᠠ ᠳᠤ | ᠬᠤᠯᠪᠣᠭᠳᠠᠵᠤ᠂ ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ 92 ᠨᠡᠮᠡᠭᠳᠡᠭᠦᠯᠵᠦ᠂ 92 ᠬᠤᠳᠳᠤᠭ ᠤᠨ | ᠬᠡᠷ ᠢ ᠰᠢᠨ᠎ᠡ ᠪᠠᠷ ᠪᠠᠶᠢᠭᠤᠯᠪᠠ᠃ ᠲᠤᠮᠤ ᠬᠡᠰᠡᠭ ᠭᠠᠵᠠᠷ ᠰᠢᠷᠣᠶ ᠶᠢ ᠲᠡᠭᠰᠢᠯᠡᠬᠦ᠂ ᠤᠰᠤᠯᠠᠯᠲᠠ ᠶᠢᠨ ᠤᠰᠤ | ᠵᠠᠯᠠᠬᠤ ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠠᠷᠢᠶᠠᠨ ᠭᠠᠵᠠᠷ ᠤᠨ ᠵᠠᠮ ᠢ ᠰᠡᠯᠪᠢᠨ ᠵᠠᠰᠠᠬᠤ ᠵᠡᠷᠭᠡ ᠰᠢᠷᠢᠰ | ᠢᠨᠵᠧᠨᠧᠷᠢᠩ ᠢᠶᠠᠷ ᠳᠠᠮᠵᠢᠭᠤᠯᠤᠨ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠬᠡᠪᠴᠢᠶᠡᠵᠢᠯᠲᠡ᠂ ᠮᠠᠰᠢᠨᠴᠢᠯᠠᠯᠲᠠ ᠶᠢ ᠠᠬᠢᠭᠤᠯᠵᠤ᠂ | ᠭᠠᠵᠠᠷ ᠰᠢᠷᠣᠶ ᠶᠢᠨ ᠡᠷᠭᠢᠯᠲᠡ ᠬᠢᠭᠡᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠵᠢᠱᠢᠯᠲᠡ ᠪᠠᠷ ᠠᠮᠤ ᠪᠤᠳᠠᠭᠠᠨ ᠤ ᠤᠨᠠᠯᠳᠠ ᠮᠦ | ᠳᠤᠮᠳᠠᠴᠢ ᠪᠠᠷ 100 ᠺᠢᠯᠣᠭ᠍ᠷᠠᠮ ᠨᠡᠮᠡᠭᠳᠡᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ | ᠦᠨᠡᠨᠬᠦ ᠪᠡᠶᠡᠯᠡᠬᠦᠯᠪᠡ ᠃ | |