ᠨᠢᠭᠡ᠂ ᠮᠠᠰᠢᠨ ᠲᠡᠷᠭᠡᠨ ᠤ ᠬᠦᠷᠢᠶ᠎ᠡ ᠬᠡᠪᠴᠢᠶ᠎ᠡ | 1. ᠬᠡᠷᠡᠭᠯᠡᠭᠡ ᠠᠴᠠ ᠭᠠᠷᠭᠠᠵᠤ ᠰᠢᠨᠡᠳᠭᠡᠬᠦ ᠨᠥᠬᠦᠪᠥᠷᠢ ᠬᠦᠷᠳᠡᠭᠡᠬᠦ ᠬᠡᠪᠴᠢᠶ᠎ᠡ ᠶᠢ ᠥᠷᠭᠡᠳᠬᠡᠨ᠎ᠡ᠄ | ᠨᠥᠬᠦᠴᠡᠯ ᠳᠤ ᠨᠡᠶᠢᠴᠡᠭᠰᠡᠨ ᠤᠯᠤᠰ ᠤᠨ ᠲᠦᠷᠪᠡ ᠭᠠᠳᠠᠭᠰᠢᠯᠠᠭᠤᠯᠬᠤ ᠪᠠᠷᠢᠮᠵᠢᠶᠠᠲᠤ ᠰᠢᠲᠠᠭᠠᠯᠭ᠎ᠠ ᠶᠢᠨ ᠲᠣᠰᠣᠨ ᠤ | ᠰᠠᠭᠤᠳᠠᠯ ᠤᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠵᠤ ᠰᠢᠨᠡᠳᠬᠡᠬᠦ ᠨᠥᠬᠦᠪᠦᠷᠢ ᠭᠤᠶᠤᠴᠢᠯᠠᠵᠤ ᠪᠣᠯᠬᠤ | ᠬᠠᠭᠤᠴᠢᠨ ᠲᠡᠷᠭᠡᠨ ᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠪᠢ ᠬᠦᠮᠦᠨ ᠬᠡᠷᠪᠡ 2012 ᠣᠨ ᠤ 6 | ᠳ᠋ᠤᠭᠠᠷ ᠰᠠᠷ᠎ᠠ ᠶᠢᠨ 30 ᠤ ᠡᠳᠦᠷ ︵ᠲᠤᠬᠠᠶ ᠶᠢᠨ ᠡᠳᠦᠷ ᠢ ᠪᠠᠭᠲᠠᠭᠠᠨ᠎ᠠ᠂ ᠳᠣᠷᠣᠭᠰᠢ ᠠᠳᠠᠯᠢ︶ ᠠᠴᠠ ᠡᠮᠦᠨ᠎ᠡ | ᠳᠠᠩᠰᠠᠯᠠᠭᠤᠯᠤᠭᠰᠠᠨ ᠴᠢᠶ᠋ᠢᠦ ᠲᠣᠰᠣᠨ ᠤ ᠰᠠᠭᠤᠳᠠᠯ ᠤᠨ ᠮᠠᠰᠢᠨ᠂ 2014 ᠣᠨ ᠤ 6 ᠳ᠋ᠤᠭᠠᠷ ᠰᠠᠷ᠎ᠠ ᠶᠢᠨ 30 ᠤ | ᠡᠳᠦᠷ ᠠᠴᠠ ᠡᠮᠦᠨ᠎ᠡ ᠳᠠᠩᠰᠠᠯᠠᠭᠤᠯᠤᠭᠰᠠᠨ ᠴᠠᠶᠢᠶ᠋ᠢᠦ ᠲᠤᠰᠤ ᠵᠢᠴᠢ ᠪᠤᠰᠤᠳ ᠰᠢᠲᠠᠭᠠᠯᠭ᠎ᠠ ᠶᠢᠨ ᠡᠳ᠋ ᠤᠨ | ᠰᠠᠭᠤᠳᠠᠯ ᠤᠨ ᠮᠠᠰᠢᠨ ᠲᠡᠷᠭᠡ᠂ ᠡᠰᠡᠬᠦᠯ᠎ᠡ 2018 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ | ᠳᠠᠩᠰᠠᠯᠠᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠶᠢᠨ ᠬᠠᠮᠳᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ︽ᠲᠡᠷᠭᠡ ᠬᠥᠰᠬᠡ ᠬᠤᠳᠠᠯᠳᠤᠨ ᠠᠪᠬᠤ ᠭᠠᠶᠢᠯᠢ ᠶᠢ | ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠯᠪᠡᠷᠢ ᠶᠢᠨ ᠭᠠᠷᠴᠠᠭ︾ ᠲᠤ ᠵᠢᠭᠰᠠᠭᠠᠨ | ᠣᠷᠣᠭᠤᠯᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠪᠤᠶᠤ 2.0 ᠯᠢᠳ᠋ᠷ ᠵᠢᠴᠢ ᠲᠡᠭᠦᠨ ᠠᠴᠠ ᠳᠣᠷᠣᠭᠰᠢᠬᠢ | ᠭᠠᠳᠠᠭᠰᠢᠯᠠᠭᠤᠯᠬᠤ ᠬᠡᠮᠵᠢᠶ᠎ᠡ ᠲᠠᠢ ᠰᠢᠲᠠᠭᠠᠯᠭ᠎ᠠ ᠶᠢᠨ ᠲᠣᠰᠣᠨ ᠤ ᠰᠠᠭᠤᠳᠠᠯ ᠤᠨ ᠮᠠᠰᠢᠨ ᠲᠡᠷᠭᠡ᠂ ᠰᠢᠨ᠎ᠡ | ᠡᠨᠧᠷᠭᠢ ᠶᠢᠨ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠪᠠᠯ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ 2 | ᠲᠦᠮᠡᠨ ᠲᠥᠭᠦᠷᠢᠭ ᠤᠯᠵᠤ᠂ 2.0 ᠯᠢᠳ᠋ᠷ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠬᠡᠮᠵᠢᠶ᠎ᠡ ᠲᠠᠢ | ᠰᠢᠲᠠᠭᠠᠯᠭ᠎ᠠ ᠶᠢᠨ ᠲᠤᠰᠤᠨ ᠤ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠤᠪᠠᠯ ᠨᠢᠭᠡ ᠤᠳᠠᠭ᠎ᠠ ᠶᠢᠨ ᠴᠢᠨᠠᠷᠲᠠᠶ | ᠨᠥᠬᠦᠪᠥᠷᠢ 1.5 ᠲᠦᠮᠡᠨ ᠲᠥᠭᠦᠷᠢᠭ ᠣᠯᠵᠤ ᠪᠣᠯᠤᠨ᠎ᠠ᠃ ᠣᠨᠴᠠᠭᠠᠶᠢᠯᠠᠨ ᠠᠩᠬᠠᠷᠬᠤ ᠴᠢᠬᠤᠯᠠᠲᠠᠶ ᠨᠢ᠂ ᠬᠤᠪᠢ | ᠬᠥᠮᠦᠨ ᠤ ᠬᠡᠷᠡᠭᠯᠡᠭᠡ ᠠᠴᠠ ᠭᠠᠷᠭᠠᠭᠰᠠᠨ ᠨᠥᠬᠦᠴᠡᠯ ᠳᠤ ᠨᠡᠶᠢᠴᠡᠬᠦ ᠬᠠᠭᠤᠴᠢᠨ ᠮᠠᠰᠢᠨ ᠲᠡᠷᠭᠡ ᠨᠢ 2025 ᠣᠨ ᠤ | 1 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠮᠦᠨ᠎ᠡ ᠨᠢᠭᠡᠨᠳᠡ ᠭᠤᠶᠤᠴᠢᠯᠠᠭᠰᠠᠨ ᠬᠦᠮᠦᠨ ᠤ ᠨᠡᠷ᠎ᠡ ᠪᠠᠷ ᠲᠠᠩᠰᠠᠯᠠᠭᠰᠠᠨ | ᠪᠠᠶᠢᠬᠤ ᠬᠡᠷᠡᠭᠳᠡᠢ᠃ | 2. ᠰᠤᠯᠢᠵᠤ ᠰᠢᠨᠡᠳᠭᠡᠬᠦ ᠨᠥᠬᠦᠪᠥᠷᠢ ᠶᠢᠨ ᠲᠣᠬᠢᠷᠠᠭᠤᠯᠤᠯᠲᠠ᠄ ᠬᠤᠪᠢ ᠬᠥᠮᠦᠨ ᠤ ᠰᠢᠯᠵᠢᠭᠦᠯᠦᠨ ᠦᠭᠴᠦ | ᠲᠣᠰ ᠬᠥᠮᠦᠨ ᠤ ᠨᠡᠷ᠎ᠡ ᠲᠡᠭᠡᠷ᠎ᠡ ᠲᠠᠩᠰᠠᠯᠠᠭᠤᠯᠤᠭᠰᠠᠨ ᠰᠠᠭᠤᠳᠠᠯ ᠤᠨ ᠮᠠᠰᠢᠨ ᠲᠡᠷᠭᠡ ᠳᠤ᠂ ᠰᠢᠨ᠎ᠡ ᠲᠡᠷᠭᠡ | ᠬᠤᠳᠠᠯᠳᠤᠨ ᠠᠪᠤᠭᠰᠠᠨ ᠪᠠᠶᠢᠳᠠᠯ ᠢ ᠦᠨᠳᠦᠰᠦᠯᠡᠨ᠂ ᠮᠠᠰᠢᠨ ᠲᠡᠷᠭᠡ ᠰᠤᠯᠢᠵᠤ ᠰᠢᠨᠡᠳᠭᠡᠬᠦ ᠨᠥᠬᠦᠪᠥᠷᠢ ᠶᠢᠨ | ᠳᠡᠮᠵᠢᠯᠭᠡ ᠦᠵᠡᠭᠦᠯᠦᠨ᠎ᠡ᠃ ᠡᠭᠦᠨ ᠳᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ ᠶᠢ | ᠬᠠᠮᠤᠭ ᠥᠨᠳᠥᠷ ᠲᠡᠭᠡᠨ 1.5 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠂ ᠰᠢᠲᠠᠭᠠᠯᠭ᠎ᠠ ᠶᠢᠨ | ᠲᠤᠰᠤᠨ ᠤ ᠰᠠᠭᠤᠳᠠᠯ ᠤᠨ ᠮᠠᠰᠢᠨ ᠲᠡᠷᠭᠡ ᠬᠤᠳᠠᠯᠳᠤᠨ ᠠᠪᠬᠤ ᠳᠤ ᠬᠡᠷᠡᠭᠯᠡᠬᠦ ᠮᠠᠰᠢᠨ ᠲᠡᠷᠭᠡᠨ ᠤ ᠨᠥᠬᠦᠪᠥᠷᠢ ᠶᠢ | ᠬᠠᠮᠤᠭ ᠥᠨᠳᠥᠷ ᠲᠡᠭᠡᠨ 1.3 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠥᠬᠡᠶ᠃ ᠬᠤᠪᠢ ᠬᠥᠮᠦᠨ ᠤ | ᠰᠢᠯᠵᠢᠭᠦᠯᠦᠨ ᠥᠭᠭᠦᠭᠰᠡᠨ ᠬᠠᠭᠤᠴᠢᠨ ᠮᠠᠰᠢᠨ ᠲᠡᠷᠭᠡ ᠶᠢ 2025 ᠣᠨ ᠤ 1 ᠰᠠᠷ᠎ᠠ ᠶᠢᠨ 8 ᠤ ᠡᠳᠦᠷ ᠠᠴᠠ | ᠡᠮᠦᠨ᠎ᠡ ᠨᠢᠭᠡᠨᠲᠡ ᠲᠣᠰ ᠬᠥᠮᠦᠨ ᠤ ᠨᠡᠷ᠎ᠡ ᠪᠠᠷ ᠲᠠᠩᠰᠠᠯᠠᠭᠤᠯᠤᠭᠰᠠᠨ ᠪᠠᠶᠢᠬᠤ ᠬᠡᠷᠡᠭᠲᠡᠶ᠃ | | ᠬᠤᠶᠠᠷ᠂ ᠭᠡᠷ ᠤᠨ ᠴᠠᠬᠢᠯᠭᠠᠨ ᠬᠡᠷᠡᠭᠰᠡᠯ ᠪᠠ 3C ᠲᠣᠭᠠᠴᠢᠯᠠᠭᠰᠠᠨ ᠦᠢᠯᠡᠳᠬᠦᠨ ᠤ ᠬᠦᠷᠢᠶ᠎ᠡ ᠬᠡᠪᠴᠢᠶ᠎ᠡ | ︵ᠨᠢᠭᠡ︶ ᠭᠡᠷ ᠤᠨ ᠴᠠᠬᠢᠯᠭᠠᠨ ᠬᠡᠷᠡᠭᠰᠡᠯ | 1. ᠨᠥᠬᠦᠪᠥᠷᠢ ᠦᠭᠬᠦ ᠦᠢᠯᠡᠳᠬᠦᠨ ᠤ ᠲᠦᠷᠦᠯ ᠢ ᠨᠡᠮᠡᠭᠳᠡᠭᠦᠯᠪᠡ᠄ ᠬᠦᠯᠳᠡᠭᠡᠭᠦᠷ᠂ ᠬᠤᠪᠴᠠᠰᠤ ᠤᠬᠢᠶᠠᠬᠤ | ᠮᠠᠰᠢᠨ᠂ ᠲᠧᠯᠸᠢᠰ᠂ ᠠᠭᠠᠷ ᠲᠣᠬᠢᠷᠠᠭᠤᠯᠤᠭᠴᠢ᠂ ᠺᠣᠮᠫᠢᠦ᠋ᠲ᠋ᠧᠷ᠂ ᠤᠰᠤ ᠬᠠᠯᠠᠭᠠᠭᠤᠷ᠂ ᠭᠡᠷ ᠤᠨ ᠬᠡᠷᠡᠭᠯᠡᠭᠡᠨ ᠤ | ᠵᠤᠤᠬ᠎ᠠ᠂ ᠲᠣᠰᠣ ᠰᠣᠷᠣᠬᠤ ᠮᠠᠰᠢᠨ ᠵᠡᠷᠭᠡ 8 ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠳᠤ | ᠬᠠᠭᠤᠴᠢᠨ ᠢᠶᠠᠷ ᠰᠢᠨ᠎ᠡ ᠶᠢ ᠰᠣᠯᠢᠵᠤ ᠳᠡᠮᠵᠢᠯᠭᠡ ᠦᠵᠡᠭᠦᠯᠬᠦ ᠰᠠᠭᠤᠷᠢᠨ ᠳᠡᠭᠡᠷ᠎ᠡ᠂ ᠪᠢᠴᠢᠯ ᠳᠣᠯᠭᠢᠶᠠᠨ ᠤ ᠵᠤᠤᠬ᠎ᠠ᠂ | ᠤᠰᠤ ᠴᠡᠪᠡᠷᠯᠡᠭᠦᠷ᠂ ᠠᠶᠠᠭ᠎ᠠ ᠤᠬᠢᠶᠠᠬᠤ ᠮᠠᠰᠢᠨ᠂ ᠴᠠᠬᠢᠯᠭᠠᠨ ᠲᠣᠭᠤᠭ᠎ᠠ ᠵᠡᠷᠭᠡ 4 ᠲᠥᠷᠥᠯ ᠤᠨ ᠬᠡᠷ ᠤᠨ | ᠴᠠᠬᠢᠯᠭᠠᠨ ᠬᠡᠷᠡᠭᠰᠡᠯ ᠤᠨ ᠦᠢᠯᠡᠳᠬᠦᠨ ᠢ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠤᠨ᠎ᠠ᠃ ᠡᠭᠦᠨ ᠤ ᠬᠠᠮᠲᠤ 2 | ᠰᠠᠷ᠎ᠠ ᠶᠢᠨ 26 ᠤ ᠡᠳᠦᠷ ᠠᠴᠠ ᠡᠬᠢᠯᠡᠨ᠂ ᠤᠯᠤᠰ ᠠᠴᠠ ︽12 ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ︾ | ᠤᠨ ᠰᠠᠭᠤᠷᠢᠨ ᠳᠡᠭᠡᠷ᠎ᠡ ᠰᠢᠨ᠎ᠡ ᠪᠠᠷ 6 ᠲᠥᠷᠥᠯ ᠤᠨ ᠦᠢᠯᠡᠳᠬᠦᠨ ᠨᠡᠮᠡᠪᠡ᠄ ᠬᠤᠪᠴᠠᠰᠤ ᠬᠤᠨᠠᠷ ᠠᠷᠠᠴᠢᠯᠠᠵᠤ | ᠬᠠᠮᠠᠭᠠᠯᠠᠬᠤ ᠮᠠᠰᠢᠨ ︵ᠢᠯᠢᠭᠦᠷᠳᠡᠬᠦ ᠮᠠᠰᠢᠨ᠂ ᠡᠯᠭᠦᠮᠡᠯ ᠢᠯᠢᠭᠦᠷᠳᠡᠬᠦ ᠮᠠᠰᠢᠨ︶᠂ ᠱᠠᠯᠠ ᠱᠦᠭᠦᠷᠳᠡᠬᠦ ᠮᠠᠰᠢᠨ ︵ | ᠱᠠᠯᠠ ᠵᠦᠯᠭᠦᠬᠦ ᠮᠠᠰᠢᠨ᠂ ᠱᠠᠯᠠ ᠤᠬᠢᠶᠠᠬᠤ ᠮᠠᠰᠢᠨ᠂ ᠲᠣᠭᠤᠰᠣ ᠰᠣᠷᠣᠬᠤ ᠮᠠᠰᠢᠨ︶᠂ ᠵᠢᠩᠨᠠᠵᠦ ᠬᠠᠭᠰᠠᠭᠠᠬᠤ | ᠬᠠᠶᠢᠷᠴᠠᠭ ︵ᠵᠢᠩᠨᠡᠵᠦ ᠬᠠᠩᠰᠠᠭᠠᠬᠤ ᠦᠪᠴᠢ ᠮᠠᠰᠢᠨ᠂ ᠵᠢᠩᠨᠡᠬᠦ ᠬᠠᠶᠢᠷᠴᠠᠭ᠂ ᠬᠠᠭᠰᠠᠭᠠᠬᠤ ᠬᠠᠶᠢᠷᠴᠠᠭ︶᠂ ᠬᠡᠢ | ᠪᠠᠷ ᠬᠠᠩᠰᠠᠭᠠᠬᠤ ᠲᠣᠭᠤᠭ᠎ᠠ᠂ ᠠᠭᠠᠷ ᠴᠡᠪᠡᠷᠰᠢᠬᠦᠯᠬᠦ ᠮᠠᠰᠢᠨ ︵ᠰᠢᠨ᠎ᠡ ᠰᠠᠯᠬᠢᠨ ᠮᠠᠰᠢᠨ᠂ ᠴᠢᠭᠢᠭᠲᠦᠭᠦᠯᠬᠦ ᠮᠠᠰᠢᠨ᠂ | ᠴᠠᠬᠢᠯᠭᠠᠨ ᠳᠤᠯᠠᠭᠠᠯᠠᠭ᠎ᠠ︶᠂ ᠴᠠᠬᠢᠯᠭᠠᠨ ᠵᠢᠩᠨᠡᠭᠦᠷ ᠲᠣᠭᠤᠭ᠎ᠠ ︵ᠴᠠᠬᠢᠯᠭᠠᠨ ᠬᠠᠯᠠᠭᠤᠨ ᠤᠰᠤᠨ ᠳᠡᠪᠦᠷ᠎ᠡ᠂ ᠪᠡᠶ᠎ᠡ | ᠰᠤᠪᠢᠯᠠᠬᠤ ᠲᠠᠪᠤᠷ᠎ᠠ᠂ ᠴᠠᠬᠢᠯᠭᠠᠨ ᠬᠠᠯᠠᠭᠤᠨ ᠲᠣᠭᠤᠭ᠎ᠠ᠂ ᠴᠠᠬᠢᠯᠭᠠᠨ ᠪᠣᠣᠪᠤ ᠬᠠᠭᠠᠷᠢᠬᠤ ᠲᠤᠭᠤᠭ᠎ᠠ᠂ ᠴᠠᠬᠢᠯᠭᠠᠨ | ᠰᠣᠷᠢᠨᠵᠢᠨ ᠵᠤᠤᠬ᠎ᠠ︶ ᠵᠡᠷᠭᠡ᠃ | 2. ᠨᠥᠬᠦᠪᠥᠷᠢ ᠥᠭᠬᠦ ᠪᠠᠷᠢᠮᠵᠢᠶ᠎ᠠ ᠶᠢ ᠨᠠᠷᠢᠯᠢᠭᠵᠢᠭᠤᠯᠪᠠ᠄ ᠬᠤᠪᠢ ᠬᠥᠮᠦᠨ ᠳᠡᠭᠡᠷ᠎ᠡ ᠳᠤᠷᠠᠳᠤᠭᠰᠠᠨ 12 | ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠲᠤᠳᠤᠷ᠎ᠠ ᠠᠴᠠ 2 ᠲᠠᠰ ᠤᠨ ᠡᠨᠧᠷᠭᠢ ᠶᠢᠨ ᠠᠰᠢᠭᠯᠠᠮᠵᠢ ᠪᠤᠶᠤ | ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠳᠤ ᠬᠦᠷᠦᠭᠰᠡᠨ ᠦᠢᠯᠡᠳᠬᠦᠨ ᠢ ᠬᠤᠳᠠᠯᠳᠤᠨ ᠠᠪᠤᠪᠠᠯ ᠨᠥᠬᠦᠪᠥᠷᠢ ᠥᠭᠬᠦ | ᠪᠠᠷᠢᠮᠵᠢᠶ᠎ᠠ ᠨᠢ ᠦᠢᠯᠡᠳᠬᠦᠨ ᠤ ᠪᠣᠷᠣᠯᠠᠭᠤᠯᠬᠤ ᠦᠨ᠎ᠡ ᠶᠢᠨ 15% ᠪᠣᠯᠤᠨ᠎ᠠ︔ 1 ᠲᠠᠰ ᠤᠨ ᠡᠨᠧᠷᠭᠢ ᠶᠢᠨ | ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠳᠤ ᠬᠦᠷᠦᠭᠰᠡᠨ ᠦᠢᠯᠡᠳᠬᠦᠨ ᠢ ᠬᠤᠳᠠᠯᠳᠤᠨ ᠠᠪᠤᠪᠠᠯ | ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠪᠣᠷᠣᠯᠠᠭᠤᠯᠬᠤ ᠦᠨ᠎ᠡ ᠶᠢᠨ 20% ᠪᠣᠯᠤᠨ᠎ᠠ᠃ ᠬᠡᠷᠡᠭᠯᠡᠭᠴᠢ | ᠨᠢᠭᠡᠪᠦᠷᠢ ᠠᠳᠠᠯᠢ ᠲᠥᠷᠥᠯ ᠤᠨ ᠦᠢᠯᠡᠳᠬᠦᠨ ᠪᠦᠷᠢ ᠠᠴᠠ 1 ᠬᠤᠪᠢ ᠨᠥᠬᠦᠪᠥᠷᠢ ᠬᠦᠷᠲᠡᠨ᠎ᠡ ︵ᠠᠭᠠᠷ | ᠲᠣᠬᠢᠷᠠᠭᠤᠯᠤᠭᠴᠢ ᠶᠢᠨ ᠦᠢᠯᠡᠳᠬᠦᠨ ᠨᠢ ᠬᠠᠮᠤᠭ ᠠᠷᠪᠢᠨ ᠳᠠᠭᠠᠨ 3 ᠬᠤᠪᠢ ᠨᠦᠬᠦᠪᠦᠷᠢ ᠬᠦᠷᠳᠡᠵᠦ ᠪᠣᠯᠤᠨ᠎ᠠ︶᠂ | ᠵᠦᠢᠯ ᠪᠦᠷᠢ ᠶᠢᠨ ᠨᠥᠬᠦᠪᠥᠷᠢ ᠶᠢᠨ ᠵᠣᠭᠤᠰ ᠤᠨ ᠲᠤᠭ᠎ᠠ ᠶᠢ 2000 ᠲᠥᠭᠦᠷᠢᠭ ᠠᠴᠠ ᠬᠡᠲᠦᠷᠡᠭᠦᠯᠵᠦ ᠪᠣᠯᠬᠤ | ᠦᠭᠡᠶ᠃ 2024 ᠣᠨ ᠳᠤ ᠨᠢᠭᠡᠨᠲᠡ ᠶᠠᠮᠠᠷ ᠨᠢᠭᠡᠨ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ | ᠦᠢᠯᠡᠳᠬᠦᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠭᠥᠷᠳᠡᠭᠰᠡᠨ ᠬᠤᠪᠢ ᠬᠥᠮᠦᠨ᠂ 2025 | ᠣᠨ ᠳᠤ ᠠᠳᠠᠯᠢ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠤᠳᠠᠯᠳᠤᠨ ᠠᠪᠬᠤ ᠳᠤ ᠮᠥᠨ | ᠬᠦ ᠦᠷᠭᠦᠯᠵᠢᠯᠡᠨ ᠨᠥᠬᠦᠪᠥᠷᠢ ᠭᠥᠷᠳᠡᠵᠦ ᠪᠣᠯᠤᠨ᠎ᠠ᠃ | ︵ᠬᠤᠶᠠᠷ︶ 3C ᠲᠣᠭᠠᠴᠢᠯᠠᠭᠰᠠᠨ ᠦᠢᠯᠡᠳᠭᠡᠬᠦᠨ | ᠬᠤᠪᠢ ᠬᠥᠮᠦᠨ ᠤ ᠭᠠᠷ ᠤᠲᠠᠰᠤ᠂ ᠬᠠᠪᠲᠠᠭᠠᠶ ᠺᠣᠮᠫᠢᠦ᠋ᠲ᠋ᠧᠷ᠂ ᠤᠶᠤᠨᠲᠤ ᠭᠠᠷ ᠴᠠᠭ ᠭᠠᠷ ᠴᠠᠭᠠᠷᠢᠭ ᠵᠡᠷᠭᠡ | 3 ᠲᠥᠷᠥᠯ ᠤᠨ ᠲᠣᠭᠠᠴᠢᠯᠠᠭᠰᠠᠨ ᠦᠢᠯᠡᠳᠬᠦᠨ ︵ᠲᠠᠩ ᠵᠦᠢᠯ ᠤᠨ ᠪᠣᠷᠣᠯᠠᠭᠤᠯᠬᠤ ᠦᠨ᠎ᠡ ᠬᠠᠩᠰᠢ ᠶᠢ 6000 | ᠲᠥᠭᠦᠷᠢᠭ ᠠᠴᠠ ᠬᠡᠳᠦᠷᠡᠬᠦᠯᠬᠦ ᠥᠬᠡᠶ︶ ᠬᠤᠳᠠᠯᠳᠤᠨ ᠠᠪᠬᠤ ᠳᠤ ᠴᠢᠭᠯᠡᠭᠦᠯᠦᠨ ᠦᠢᠯᠡᠳᠬᠦᠨ ᠤ ᠡᠴᠦᠰ ᠤᠨ | ᠪᠣᠷᠣᠯᠠᠭᠤᠯᠬᠤ ᠦᠨ᠎ᠡ ᠬᠠᠩᠰᠢ ᠶᠢᠨ 15% ᠪᠠᠷ ᠨᠥᠬᠦᠪᠥᠷᠢ ᠣᠯᠭᠤᠵᠤ᠂ ᠬᠡᠷᠡᠭᠯᠡᠭᠴᠢᠳ ᠨᠢᠭᠡᠪᠦᠷᠢ ᠠᠳᠠᠯᠢ | ᠲᠥᠷᠥᠯ ᠤᠨ ᠦᠢᠯᠡᠳᠬᠦᠨ ᠪᠦᠷᠢ ᠠᠴᠠ 1 ᠬᠤᠪᠢ ᠨᠥᠬᠦᠪᠥᠷᠢ ᠬᠦᠷᠳᠡᠵᠦ᠂ ᠵᠦᠢᠯ ᠪᠦᠷᠢ ᠵᠢ᠊ᠨ ᠨᠥᠬᠦᠪᠥᠷᠢ ᠶᠢ | 500 ᠲᠥᠭᠦᠷᠢᠭ ᠠᠴᠠ ᠬᠡᠳᠦᠷᠡᠭᠦᠯᠬᠦ ᠥᠬᠡᠶ᠃ | | ᠭᠤᠷᠪᠠ᠂ ᠭᠡᠷ ᠤᠨ ᠵᠠᠰᠠᠯ ᠴᠢᠮᠡᠭᠯᠡᠯ ᠲᠤᠭᠤᠭᠠᠨ ᠭᠡᠷ ᠠᠷᠢᠭᠤᠨ ᠴᠡᠪᠡᠷ ᠤᠨ ᠬᠡᠷᠡᠭᠰᠡᠯ ᠤᠨ ᠬᠦᠷᠢᠶ᠎ᠡ ᠬᠡᠪᠴᠢᠶ᠎ᠡ | 1. ᠨᠥᠬᠦᠪᠥᠷᠢ ᠥᠭᠬᠦ ᠬᠤᠭᠤᠴᠠᠭ᠎ᠠ ᠬᠢᠭᠡᠳ ᠡᠲᠡᠭᠡᠳ᠄ 2025 ᠣᠨ ᠤ ᠲᠥᠷᠥ ᠶᠢᠨ ᠪᠣᠳᠣᠯᠭ᠎ᠠ | ᠬᠡᠷᠡᠭᠵᠢᠬᠦᠯᠬᠦ ᠬᠤᠭᠤᠴᠠᠭᠠᠨ ᠳᠤ᠂ ᠣᠨᠴᠠ ᠲᠣᠭᠲᠠᠭᠰᠠᠨ ᠬᠡᠷ ᠤᠨ ᠵᠠᠰᠠᠯ ᠴᠢᠮᠡᠭᠯᠡᠯ ᠤᠨ ᠪᠠᠷᠠᠭ᠎ᠠ ᠬᠤᠳᠠᠯᠳᠤᠨ | ᠠᠪᠬᠤ ᠬᠤᠪᠢ ᠬᠥᠮᠦᠨ ᠳᠤ ᠨᠥᠬᠦᠪᠥᠷᠢ ᠣᠯᠭᠤᠨ᠎ᠠ᠃ | 2. ᠨᠥᠬᠦᠪᠥᠷᠢᠯᠡᠬᠦ ᠬᠡᠪᠴᠢᠶ᠎ᠡ᠄ ᠵᠠᠰᠠᠵᠤ ᠴᠢᠮᠡᠭᠯᠡᠬᠦ ᠮᠠᠲ᠋ᠧᠷᠢᠶᠠᠯ ᠳᠤ ᠮᠣᠳᠣᠨ ᠱᠠᠯᠠ᠂ ᠱᠠᠭᠠᠵᠠᠩ ᠲᠣᠭᠤᠰᠬ᠎ᠠ | ᠵᠡᠷᠭᠡ 10 ᠵᠦᠢᠯ︔ ᠠᠷᠢᠭᠤᠨ ᠴᠡᠪᠡᠷ ᠤᠨ ᠬᠡᠷᠡᠭᠰᠡᠯ ᠤᠨ ᠲᠥᠷᠥᠯ ᠳᠤ ᠤᠬᠢᠶᠠᠯᠭ᠎ᠠ ᠶᠢᠨ ᠥᠷᠥᠭᠡ ᠶᠢᠨ ᠬᠤᠷᠭᠤ᠂ | ᠨᠢᠭᠤᠷ ᠤᠨ ᠭᠠᠳᠤᠷ᠎ᠠ ᠵᠡᠷᠭᠡ 8 ᠵᠦᠢᠯ᠂ ᠭᠡᠷ ᠤᠨ ᠬᠡᠷᠡᠭᠰᠡᠯ ᠭᠡᠷᠡᠯᠲᠦᠭᠦᠯᠭᠡ ᠶᠢᠨ ᠲᠥᠷᠥᠯ ᠳᠤ ᠣᠷᠣ᠂ ᠳ᠋ᠧᠩ ᠤᠨ | ᠬᠡᠷᠡᠭᠰᠡᠯ ᠵᠡᠷᠭᠡ 13 ᠵᠦᠢᠯ︔ ᠤᠶᠤᠨᠲᠤ ᠭᠡᠷ ᠤᠨ ᠬᠡᠷᠡᠭᠰᠡᠯ ᠳᠤ ᠤᠶᠤᠨᠳᠤ ᠣᠷᠣ ᠶᠢᠨ ᠣᠯᠪᠣᠭ᠂ ᠤᠶᠤᠨᠲᠤ | ᠡᠭᠦᠳᠡᠨ ᠣᠨᠢᠰᠤ ᠵᠡᠷᠭᠡ 8 ᠵᠦᠢᠯ ᠢ ᠬᠠᠮᠤᠷᠤᠨ᠎ᠠ︔ ᠨᠠᠰᠤᠳᠠᠶᠢᠴᠤᠳ ᠤᠨ ᠭᠡᠷ ᠦᠷᠦᠭᠡ ᠶᠢ ᠦᠬᠡᠷᠡᠴᠢᠯᠡᠬᠦ | ᠲᠦᠷᠦᠯ ᠳᠤ ᠱᠠᠯᠠ ᠪᠠ ᠡᠭᠦᠳᠡ᠂ ᠤᠨᠲᠠᠬᠤ ᠥᠷᠥᠭᠡ ᠵᠡᠷᠭᠡ 6 ᠶᠡᠭᠡ ᠲᠥᠷᠥᠯ ᠤᠨ ᠥᠭᠡᠷᠡᠴᠢᠯᠡᠯᠲᠡ ᠲᠠᠢ | ᠬᠤᠯᠪᠣᠭᠳᠠᠨ᠎ᠠ᠃ | 3. ᠨᠥᠬᠦᠪᠥᠷᠢ ᠶᠢᠨ ᠪᠠᠷᠢᠮᠵᠢᠶ᠎ᠠ᠄ ᠡᠮᠦᠨ᠎ᠡ ᠳᠥᠷᠪᠡᠨ ᠲᠥᠷᠥᠯ ᠤᠨ 39 ᠵᠦᠢᠯ ᠤᠨ ᠲᠠᠸᠠᠷ ᠢ ᠬᠤᠳᠠᠯᠳᠤᠨ | ᠠᠪᠬᠤ ᠳᠤ ᠪᠣᠳᠠᠲᠠᠶ ᠠᠷᠠᠯᠵᠢᠶ᠎ᠠ ᠪᠦᠲᠦᠭᠰᠡᠨ ᠦᠨ᠎ᠡ ︵ᠬᠢᠮᠳᠠᠷᠠᠭᠰᠠᠨ ᠦᠭᠡᠶ︶ ᠶᠢᠨ 15% ᠶᠢᠨ ᠨᠥᠬᠦᠪᠥᠷᠢ︔ | 1 ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ | ᠦᠢᠯᠡᠳᠬᠦᠨ ᠳᠤ 20% ᠪᠠᠷ ᠨᠥᠬᠦᠪᠥᠷᠢ ᠥᠭᠭᠦᠨ᠎ᠡ᠃ ᠨᠠᠰᠤᠳᠠᠶᠢᠴᠤᠳ ᠤᠨ ᠭᠡᠷ ᠦᠷᠦᠭᠡ ᠶᠢ ᠦᠬᠡᠷᠡᠴᠢᠯᠡᠬᠦ | ᠲᠦᠷᠦᠯ ᠤᠨ ᠦᠢᠯᠡᠳᠬᠦᠨ ᠳᠤ ᠠᠷᠠᠯᠵᠢᠶ᠎ᠠ ᠪᠦᠲᠦᠭᠰᠡᠨ ᠦᠨ᠎ᠡ ᠶᠢᠨ 30% ᠪᠠᠷ ᠨᠥᠬᠦᠪᠥᠷᠢ ᠥᠭᠭᠦᠨ᠎ᠡ᠃ | ᠬᠡᠷᠡᠭᠯᠡᠭᠴᠢᠳ ᠨᠢᠭᠡᠪᠦᠷᠢ ᠨᠢᠭᠡ ᠬᠤᠪᠢ ︵ᠢᠵᠢ︶ ᠲᠠᠸᠠᠷ ᠠᠴᠠ 1 ᠤᠳᠠᠭ᠎ᠠ ᠨᠥᠬᠦᠪᠥᠷᠢ ᠬᠦᠷᠳᠡᠵᠦ᠂ ᠲᠠᠩ | ᠵᠦᠢᠯ ᠤᠨ ︵ᠢᠵᠢ︶ ᠲᠠᠸᠡᠷ ᠤᠨ ᠨᠦᠬᠦᠪᠦᠷᠢ ᠶᠢ 2000 ᠲᠥᠭᠦᠷᠢᠭ ᠠᠴᠠ ᠬᠡᠳᠦᠷᠡᠬᠦᠯᠬᠦ ᠥᠬᠡᠶ ᠪᠠᠶᠢᠵᠤ᠂ | ᠬᠥᠮᠦᠨ ᠪᠦᠷᠢ ᠬᠠᠮᠤᠭ ᠥᠨᠳᠥᠷ ᠲᠡᠭᠡᠨ ᠨᠡᠶᠢᠲᠡ 18000 ᠲᠥᠭᠦᠷᠢᠭ ᠨᠥᠬᠦᠪᠥᠷᠢ ᠬᠦᠷᠳᠡᠨ᠎ᠡ᠃ | | ᠳᠥᠷᠪᠡ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠦᠷᠢᠶ᠎ᠡ ᠬᠡᠪᠴᠢᠶ᠎ᠡ | ᠬᠠᠭᠤᠴᠢᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠪᠠᠨ ᠲᠤᠰᠢᠶᠠᠨ ᠬᠤᠳᠠᠯᠳᠤᠵᠤ ᠬᠡᠷᠡᠭᠯᠡᠭᠡ ᠠᠴᠠ | ᠭᠠᠷᠭᠠᠵᠤ᠂ ᠬᠢᠷᠢ ᠲᠡᠩᠴᠡᠭᠰᠡᠨ ᠰᠢᠨ᠎ᠡ ᠮᠠᠰᠢᠨ ᠲᠡᠷᠭᠡ ᠰᠣᠯᠢᠵᠤ ᠬᠤᠳᠠᠯᠳᠤᠨ ᠠᠪᠬᠤ ᠬᠤᠪᠢ ᠬᠥᠮᠦᠨ ᠳᠤ ᠨᠢᠭᠡ | ᠤᠳᠠᠭ᠎ᠠ ᠶᠢᠨ ᠴᠢᠨᠠᠷᠲᠠᠶ ᠬᠠᠭᠤᠴᠢᠨ ᠢᠶᠠᠷ ᠰᠢᠨ᠎ᠡ ᠶᠢ ᠰᠣᠯᠢᠬᠤ ᠲᠣᠭᠲᠠᠭᠰᠠᠨ ᠲᠣᠭᠠᠨ ᠤ ᠨᠥᠬᠦᠪᠥᠷᠢ 500 | ᠲᠥᠭᠦᠷᠢᠭ ᠣᠯᠭᠤᠨ᠎ᠠ᠃ ᠡᠭᠦᠨ ᠳᠤ᠂ ᠬᠡᠷᠡᠭᠯᠡᠭᠡᠨ ᠠᠴᠠ ᠭᠠᠷᠤᠭᠰᠠᠨ ᠯᠢᠲ᠋ᠢ ᠢᠶᠤᠨᠳᠤ ᠴᠠᠬᠢᠯᠭᠠᠨ ᠬᠤᠷᠢᠶᠠᠭᠤᠷ ᠲᠠᠢ | ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠤᠰᠢᠶᠠᠨ ᠬᠤᠳᠠᠯᠳᠤᠬᠤ ᠶᠢᠨ ᠬᠠᠮᠲᠤ ᠬᠠᠷ᠎ᠠ ᠲᠤᠭᠤᠯᠭᠠᠨ | ᠬᠦᠴᠢᠯ ᠤᠨ ᠴᠠᠬᠢᠯᠭᠠᠨ ᠬᠤᠷᠢᠶᠠᠭᠤᠷ ᠲᠠᠢ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠰᠣᠯᠢᠵᠤ ᠬᠤᠳᠠᠯᠳᠤᠨ | ᠠᠪᠬᠤ ᠬᠤᠪᠢ ᠬᠥᠮᠦᠨ ᠳᠤ ᠢᠯᠡᠬᠦᠦ 100 ᠲᠥᠭᠦᠷᠢᠭ ︵ᠳᠠᠷᠤᠶ 600 ᠲᠥᠭᠦᠷᠢᠭ ᠤᠨ ᠲᠣᠭᠲᠠᠭᠰᠠᠨ | ᠲᠣᠭᠠᠨ ᠤ ᠨᠥᠬᠦᠪᠥᠷᠢ︶ ᠨᠦᠬᠦᠪᠦᠷᠢ ᠬᠦᠷᠳᠡᠭᠡᠨ᠎ᠠ᠃ ᠨᠥᠬᠦᠪᠥᠷᠢ ᠭᠥᠷᠳᠡᠬᠦ ᠬᠡᠷᠡᠭᠯᠡᠭᠴᠢᠳ ︽ᠴᠠᠬᠢᠯᠭᠠᠨ | ᠬᠥᠳᠡᠯᠭᠡᠭᠦᠷᠲᠦ ᠳᠤᠭᠤᠶ ᠲᠡᠷᠭᠡᠨ ᠤ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ︾ ᠳᠤ ᠨᠡᠶᠢᠴᠡᠬᠦ ᠠᠵᠤ | ᠠᠬᠤᠶᠢᠯᠠᠯ ᠤᠨ ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ | ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ | ᠣᠷᠣᠯᠴᠠᠬᠤ ᠳᠤ ᠬᠡᠷᠡᠭᠯᠡᠬᠦ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠰᠢᠨ᠎ᠡ ᠲᠡᠷᠭᠡ ᠨᠢ ᠣᠳᠣ ᠶᠢᠨ | ᠬᠡᠷᠡᠭᠵᠢᠭᠦᠯᠵᠦ ᠪᠠᠶᠢᠭ᠎ᠠ ᠤᠯᠤᠰ ᠤᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠨᠡᠶᠢᠴᠡᠭᠰᠡᠨ ᠦᠢᠯᠡᠳᠬᠦᠨ ᠤ | ᠬᠢᠷᠢ ᠲᠡᠩᠴᠡᠭᠰᠡᠨ ᠦᠨᠡᠮᠯᠡᠯ᠂ ᠠᠯᠪᠠᠳᠠᠯᠭ᠎ᠠ ᠶᠢᠨ ᠴᠢᠨᠠᠷᠲᠠᠶ ᠦᠢᠯᠡᠳᠬᠦᠨ ᠤ ᠭᠡᠷᠡᠴᠢᠯᠡᠯ ︵CC︶ ᠤᠨ | ᠦᠨᠡᠮᠯᠡᠯ ᠲᠠᠢ ᠪᠠᠶᠢᠬᠤ ᠬᠡᠷᠡᠭᠲᠡᠶ᠃ ᠨᠥᠬᠦᠪᠥᠷᠢ ᠭᠥᠷᠳᠡᠬᠦ ᠬᠡᠷᠡᠭᠯᠡᠭᠴᠢᠳ ︽ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠵᠢᠯ ᠲᠥᠷᠥᠯ ᠤᠨ ᠵᠢᠷᠤᠮᠵᠢᠯ ᠤᠨ ᠨᠥᠬᠦᠴᠡᠯ︾ ᠳᠤ ᠨᠡᠶᠢᠴᠡᠬᠦ ᠠᠵᠤ ᠠᠬᠤᠶᠢᠯᠠᠯ ᠤᠨ | ᠦᠢᠯᠡᠳᠪᠦᠷᠢᠯᠡᠭᠰᠡᠨ ᠬᠢᠷᠢ ᠲᠡᠩᠴᠡᠭᠰᠡᠨ ᠴᠠᠬᠢᠯᠭᠠᠨ ᠬᠥᠳᠡᠯᠭᠡᠭᠦᠷᠲᠦ ᠰᠢᠨ᠎ᠡ ᠳᠤᠭᠤᠶ ᠲᠡᠷᠭᠡ ᠬᠤᠳᠠᠯᠳᠤᠨ ᠠᠪᠬᠤ ᠶᠢ | ᠵᠣᠷᠢᠭᠵᠢᠭᠤᠯᠤᠨ᠎ᠠ᠃ | |